ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠦᠪᠰᠢᠶᠡᠷᠡᠭᠳᠡᠬᠦ ᠡᠲᠡᠭᠡᠳ ᠲᠤ ᠬᠢᠨᠠᠨ ᠬᠠᠮᠢᠶᠠᠷᠣᠯᠲᠠ ᠬᠢᠬᠦ ᠳᠦᠷᠢᠮ
ᠨᠡᠶᠢᠲᠡᠯᠡᠭᠰᠡᠨ ᠴᠠᠭ᠄
2019/2/18
     ︽ᠪᠦᠭᠦᠳᠡ ᠨᠠᠶᠢᠷᠠᠮᠳᠠᠬᠤ ᠳᠣᠮᠳᠣᠳᠣ ᠠᠷᠠᠳ ᠣᠯᠣᠰ ᠤᠨ ᠵᠠᠰᠠᠭ ᠵᠠᠬᠢᠷᠭᠠᠨ ᠤ ᠵᠦᠪᠰᠢᠶᠠᠷᠡᠯ ᠤᠨ ᠬᠠᠣᠯᠢ︾ ᠶᠢᠨ ᠬᠠᠮᠢᠶ᠎ᠠ ᠪᠦᠬᠦᠢ ᠳᠣᠭᠳᠠᠭᠠᠯ ᠢ ᠦᠨᠳᠦᠰᠦᠯᠡᠨ᠂ ᠵᠦᠪᠰᠢᠶᠡᠷᠡᠭᠳᠡᠬᠦ ᠡᠲᠡᠭᠡᠳ ᠤᠨ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠡᠷᠡᠯ ᠪᠦᠬᠦᠢ ᠠᠵᠢᠯᠯᠠᠭᠠᠨ ᠳᠤ ᠤᠷᠤᠯᠴᠠᠬᠤ ᠬᠢᠨᠠᠯᠲᠠ ᠶᠢ  ᠴᠢᠩᠭᠠᠳᠬᠠᠨ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠠᠵᠢᠯ ᠤᠨ ᠡᠷᠡᠭᠦᠯ ᠴᠢᠬᠢᠷᠠᠭ ᠭᠦᠭᠵᠢᠯᠲᠡ ᠶᠢ ᠪᠠᠳᠣᠯᠠᠬᠤ ᠶᠢᠨ ᠳᠦᠯᠦᠭᠡ ᠲᠤᠰ ᠳᠦᠷᠢᠮ ᠢ ᠳᠣᠭᠳᠠᠭᠠᠪᠠ᠃     ᠨᠢᠭᠡ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠢᠨᠠᠨ ᠬᠠᠮᠢᠶᠠᠷᠣᠯᠲᠠ ᠶᠢᠨ ᠳᠦᠷᠢᠮ ᠢ ᠪᠠᠶᠢᠭᠤᠯᠣᠨ ᠳᠡᠭᠦᠯᠳᠡᠷᠵᠢᠭᠦᠯᠬᠦ ᠴᠢᠬᠤᠯᠠ ᠲᠠᠢ᠂ ᠵᠦᠪᠰᠢᠶᠡᠷᠡᠭᠳᠡᠬᠦ ᠡᠲᠡᠭᠡᠳ ᠤᠨ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠡᠷᠡᠯ ᠪᠦᠬᠦᠢ ᠠᠵᠢᠯᠠᠯᠭᠠᠨ ᠳᠤ ᠤᠷᠤᠯᠴᠠᠬᠤ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠦ᠂ ᠨᠠᠷᠢᠨ ᠬᠢᠨᠠᠮᠠᠭᠠᠢ ᠪᠠᠷ ᠬᠢᠨᠠᠨ ᠬᠠᠮᠢᠶᠠᠷᠣᠯᠲᠠ ᠶᠢᠨ ᠬᠠᠷᠢᠭᠤᠴᠠᠯᠭ᠎ᠠ ᠪᠠᠨ ᠪᠡᠶᠡᠯᠡᠭᠦᠯᠬᠦ ᠬᠡᠷᠡᠭᠲᠡᠢ᠃     ᠬᠤᠶᠠᠷ᠂ ᠵᠦᠪᠰᠢᠶᠡᠷᠡᠭᠳᠡᠬᠦ ᠡᠲᠡᠭᠡᠳ ᠶᠢᠨ ᠳᠣᠬᠠᠢ ᠬᠢᠨᠠᠯᠲᠠ ᠶᠢ ᠵᠠᠰᠠᠭ ᠵᠠᠬᠢᠷᠭᠠᠨ ᠤ ᠵᠦᠪᠰᠢᠶᠠᠷᠡᠯ ᠤᠨ ᠡᠭᠦᠷᠭᠡ ᠶᠢ ᠡᠭᠦᠷᠭᠡᠯᠡᠭᠰᠡᠨ ᠬᠠᠮᠢᠶ᠎ᠠ ᠪᠦᠬᠦᠢ ᠠᠯᠪᠠᠨ ᠭᠡᠷ ᠪᠠ ᠬᠠᠣᠯᠢ ᠴᠠᠭᠠᠵᠠ ᠶᠢᠨ ᠰᠠᠯᠠᠭ᠎ᠠ ᠮᠦᠴᠢᠷ ᠠᠴᠠ ᠬᠠᠷᠢᠭᠤᠴᠠᠨ᠎ᠠ᠃     ᠭᠤᠷᠪᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠣᠯᠢ ᠶᠤᠰᠤᠭᠠᠷ ᠪᠣᠳᠠᠲᠠᠢ ᠭᠠᠵᠠᠷ ᠪᠠᠶᠢᠴᠠᠭᠠᠯᠲᠠ ᠬᠢᠵᠦ ᠬᠠᠣᠯᠢ ᠶᠤᠰᠤᠭᠠᠷ ᠪᠠᠶᠢᠴᠠᠭᠠᠨ ᠦᠵᠡᠬᠦ ᠪᠣᠶᠣ ᠵᠦᠪᠰᠢᠶᠡᠷᠡᠭᠳᠡᠬᠦ ᠡᠲᠡᠭᠡᠳ  ᠢ ᠱᠠᠭᠠᠷᠳᠠᠨ ᠬᠠᠮᠢᠶ᠎ᠠ ᠪᠦᠬᠦᠢ ᠮᠠᠲ᠋ᠧᠷᠢᠶᠠᠯ ᠢ ᠳᠣᠰᠢᠶᠠᠯᠭᠠᠨ᠎ᠠ᠂ ᠬᠡᠷᠪᠡ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠠᠶᠢᠪᠠᠯ ᠳᠡᠭᠦᠨ ᠢ ᠵᠠᠷᠯᠢᠭᠳᠠᠨ ᠬᠠᠣᠯᠢ ᠵᠦᠷᠢᠴᠡᠭᠰᠡᠨ ᠠᠵᠢᠯᠯᠠᠭ᠎ᠠ ᠪᠠᠨ ᠵᠣᠬᠰᠣᠭᠠᠬᠤ ᠶᠢᠨ ᠵᠠᠷᠭᠡᠴᠡᠭᠡ ᠬᠠᠣᠯᠢ ᠶᠣᠰᠣᠨ ᠤ ᠵᠠᠰᠠᠭ ᠵᠠᠬᠢᠷᠭᠠᠨ ᠤ ᠰᠢᠳᠬᠡᠯ ᠦᠭᠭᠦᠨ᠎ᠡ᠃     ᠳᠦᠷᠪᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠨᠦᠭᠦᠴᠡᠯ ᠢ ᠪᠣᠢ ᠪᠤᠯᠭᠠᠵᠦ᠂ ᠬᠠᠮᠢᠶ᠎ᠠ ᠪᠦᠬᠦᠢ ᠡᠯᠧᠺᠲᠷᠣᠨ ᠺᠣᠮᠫᠢᠦ᠋ᠲ᠋ᠧᠷ ᠤᠨ  ᠳᠠᠩᠰᠠ ᠰᠢᠰᠲ᠋ᠧᠮ ᠤᠨ ᠬᠤᠯᠪᠣᠯᠲᠠ ᠪᠠᠷ ᠳᠠᠮᠵᠢᠨ ᠵᠦᠪᠰᠢᠶᠡᠷᠡᠭᠳᠡᠬᠦ ᠡᠲᠡᠭᠡᠳ ᠤᠨ ᠵᠠᠰᠠᠭ ᠵᠠᠬᠢᠷᠭᠠᠨ ᠤ ᠵᠦᠪᠰᠢᠶᠠᠷᠡᠯ ᠪᠦᠬᠦᠢ ᠬᠦᠳᠡᠯᠭᠡᠭᠡᠨ  ᠳᠤ ᠤᠷᠤᠯᠴᠠᠬᠰᠡᠨ ᠪᠠᠶᠢᠳᠠᠯ  ᠢ ᠬᠠᠷᠭᠤᠯᠣᠨ ᠪᠠᠶᠢᠴᠠᠭᠠᠵᠦ ᠪᠣᠯᠣᠨ᠎ᠠ᠃     ᠲᠠᠪᠤ᠂ ᠢᠯᠡᠴᠢᠯᠡᠬᠦ ᠠᠵᠢᠯ ᠤᠨ ᠳᠣᠭᠳᠠᠯᠴᠠᠭ᠎ᠠ ᠶᠢ ᠪᠦᠲᠦᠭᠡᠨ ᠪᠠᠶᠢᠭᠤᠯᠣᠨ᠎ᠠ᠃ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠡᠶᠢᠭᠡᠮ  ᠳᠤ ᠢᠯᠡᠴᠢᠯᠡᠬᠦ ᠣᠳᠠᠰᠣ᠂ ᠰᠢᠤᠳᠠᠨ ᠬᠠᠶᠢᠷᠴᠠᠭ ᠤᠨ ᠬᠠᠶ᠋ᠢᠭ ᠵᠢᠴᠢ ᠡᠯᠧᠺᠲᠷᠣᠨ ᠰᠢᠤᠳᠠᠨ ᠬᠠᠶᠢᠷᠴᠠᠭ ᠤᠨ ᠬᠠᠶ᠋ᠢᠭ ᠢ ᠨᠡᠶᠢᠳᠡᠯᠡᠵᠦ᠂ ᠬᠤᠪᠢ ᠬᠦᠮᠦᠨ ᠪᠠ ᠵᠣᠬᠢᠶᠠᠨ ᠪᠠᠶᠢᠭᠤᠯᠣᠯᠲᠠ ᠠᠴᠠ ᠢᠯᠡᠴᠢᠯᠡᠬᠦ ᠶᠢ ᠭᠦᠬᠢᠭᠦᠯᠤᠨ᠂ ᠮᠦᠨ ᠢᠯᠡᠴᠢᠯᠡᠭᠰᠡᠨ ᠠᠰᠠᠭᠤᠳᠠᠯ ᠳᠤ ᠴᠠᠭ ᠲᠤᠬᠠᠢ ᠳᠤᠨᠢ ᠪᠠᠶᠢᠴᠠᠭᠠᠯᠲᠠ ᠪᠠ ᠬᠢᠨᠠᠨ  ᠬᠠᠷᠭᠤᠭᠤᠯᠤᠨ᠎ᠠ᠃ ᠢᠯᠡᠴᠢᠯᠡᠭᠰᠡᠨ ᠪᠠᠶᠢᠳᠠᠯ ᠤᠨᠤᠪᠴᠢᠲᠠᠢ ᠪᠠᠶᠢᠪᠠᠯ ᠬᠠᠣᠯᠢ ᠶᠤᠰᠤᠭᠠᠷ ᠰᠢᠢᠳᠪᠦᠷᠢᠯᠡᠬᠦ ᠶᠢᠨ ᠵᠠᠷᠭᠡᠪᠡᠷ ᠢᠯᠡᠴᠢᠯᠡᠭᠴᠢ ᠳᠤ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠵᠦ᠂ ᠢᠯᠡᠴᠢᠯᠡᠭᠰᠡᠨ ᠪᠠᠶᠢᠳᠠᠯ ᠪᠣᠳᠠᠲᠠᠢ ᠳᠤ ᠨᠡᠶᠢᠴᠡᠬᠦ ᠦᠭᠡᠢ ᠪᠠᠶᠢᠪᠠᠯ ᠢᠯᠡᠴᠢᠯᠡᠭᠴᠢ ᠳᠤ ᠪᠠᠶᠢᠳᠠᠯ ᠢ ᠲᠠᠶᠢᠯᠪᠦᠷᠢᠯᠠᠨ᠎ᠠ᠃     ᠵᠢᠷᠭᠤᠭ᠎ᠠ᠂ ᠪᠡᠶ᠎ᠡ  ᠲᠠᠮᠢᠷ  ᠤᠨ  ᠵᠠᠰᠠᠭ  ᠵᠠᠬᠢᠷᠭᠠᠨ  ᠤ  ᠰᠠᠯᠠᠭ᠎ᠠ ᠮᠦᠴᠢᠷ ᠬᠠᠣᠯᠢ ᠶᠤᠰᠤᠭᠠᠷ ᠵᠦᠪᠰᠢᠶᠡᠷᠡᠭᠳᠡᠬᠦ ᠡᠲᠡᠭᠡᠳ ᠲᠤ ᠬᠢᠨᠠᠨ ᠪᠠᠶᠢᠴᠠᠭᠠᠯᠲᠠ  ᠬᠢᠬᠦ  ᠦᠶ᠎ᠡ ᠳᠤ ᠬᠢᠨᠠᠨ ᠪᠠᠶᠢᠴᠠᠭᠠᠯᠲᠠ ᠶᠢᠨ ᠪᠠᠶᠢᠳᠠᠯ ᠪᠠ ᠰᠢᠢᠳᠪᠦᠷᠢᠯᠡᠬᠦ  ᠦᠷ᠎ᠡ  ᠳ᠋ᠦᠩ ᠢ ᠲᠡᠮᠳᠡᠭᠯᠡᠵᠦ ᠬᠢᠨᠠᠨ ᠪᠠᠶᠢᠴᠠᠭᠠᠰᠡᠨ ᠬᠦᠮᠦᠨ ᠭᠠᠷ ᠤᠨ ᠦᠰᠦᠭ ᠵᠢᠷᠤᠬᠰᠡᠨ ᠤ ᠳᠠᠷᠠᠭ᠎ᠠ  ᠳᠠᠩᠰᠠᠨ  ᠳᠤ  ᠬᠠᠳᠠᠭᠠᠯᠠᠬᠤ  ᠴᠢᠬᠤᠯᠠ ᠲᠠᠢ᠃ ᠤᠯᠠᠨ  ᠨᠡᠶᠢᠲᠡ ᠠᠴᠠ  ᠪᠠᠶᠢᠴᠠᠭᠠᠯᠲᠠ  ᠶᠢᠨ  ᠲᠡᠮᠳᠡᠭᠯᠡᠯ ᠢ ᠬᠢᠨᠠᠨ  ᠦᠵᠡᠬᠦ  ᠡᠷᠬᠡ ᠲᠠᠢ᠃     ᠳᠣᠯᠤᠭ᠎ᠠ᠂ ᠵᠦᠪᠰᠢᠶᠡᠷᠡᠭᠳᠡᠬᠦ ᠡᠲᠡᠭᠡᠳ ᠲᠤ ᠬᠢᠨᠠᠨ ᠪᠠᠶᠢᠴᠠᠭᠠᠯᠲᠠ ᠬᠢᠬᠦ ᠳᠤ ᠵᠦᠪᠰᠢᠶᠡᠷᠡᠭᠳᠡᠬᠦ ᠡᠲᠡᠭᠡᠳ ᠤᠨ ᠡᠩ ᠤᠨ ᠦᠢᠯᠡᠳᠪᠦᠷᠢᠯᠡᠯ ᠡᠵᠡᠭᠨᠡᠯᠲᠡ ᠶᠢᠨ ᠬᠦᠳᠡᠯᠭᠡᠭᠡᠨ ᠢ ᠬᠠᠷᠰᠢᠯᠠᠵᠦ ᠪᠣᠯᠬᠤ ᠦᠭᠡᠢ᠂ ᠵᠦᠪᠰᠢᠶᠡᠷᠡᠭᠳᠡᠬᠦ ᠡᠲᠡᠭᠡᠳ ᠤᠨ ᠡᠳ᠋ ᠬᠦᠷᠦᠭᠭᠡ ᠠᠴᠠ ᠱᠠᠮᠰᠢᠬᠤ ᠪᠠ ᠬᠡᠬᠡᠯᠢ ᠠᠪᠴᠦ ᠪᠤᠯᠬᠤ ᠦᠭᠡᠢ᠂ ᠪᠤᠰᠣᠳ ᠠᠰᠢᠭ ᠳᠣᠰᠠ ᠠᠪᠴᠦ ᠪᠣᠯᠬᠤ ᠦᠭᠡᠢ᠃     ᠨᠠᠢᠮᠠ᠂ ᠵᠦᠪᠰᠢᠶᠡᠷᠡᠭᠳᠡᠬᠦ ᠡᠲᠡᠭᠡᠳ ᠳᠣᠣᠷᠠᠬᠢ ᠠᠯᠢ ᠨᠢᠭᠡ ᠬᠢᠳᠡᠯ ᠪᠠᠶᠢᠪᠠᠯ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠣᠯᠢ ᠶᠤᠰᠤᠭᠠᠷ ᠵᠠᠰᠠᠭ ᠵᠠᠬᠢᠷᠭᠠᠨ ᠤ ᠰᠢᠳᠬᠡᠯ ᠥᠭᠴᠦ᠂ ᠶᠠᠯ᠎ᠠ ᠪᠣᠯᠣᠬᠰᠡᠨ ᠪᠣᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄     ︵ᠨᠢᠭᠡ︶ ᠮᠡᠬᠡᠯᠡᠬᠦ᠂ ᠬᠡᠬᠡᠯᠢ ᠲᠦᠯᠬᠢᠬᠦ ᠵᠡᠷᠭᠡ ᠵᠦᠢ ᠶᠣᠰᠣᠨ ᠠᠴᠠ ᠪᠤᠰᠤ ᠠᠷᠭ᠎ᠠ ᠠᠪᠴᠠᠯ ᠢᠶᠠᠷ ᠵᠠᠰᠠᠭ ᠵᠠᠬᠢᠷᠭᠠᠨ ᠤ ᠵᠦᠪᠰᠢᠶᠠᠷᠡᠯ ᠢ ᠣᠯᠬᠤ     ︵ᠬᠤᠶᠠᠷ︶ ᠵᠠᠰᠠᠭ ᠵᠠᠬᠢᠷᠭᠠᠨ ᠤ ᠵᠦᠪᠰᠢᠶᠡᠷᠡᠯ ᠤᠨ ᠲᠡᠮᠳᠡᠭ ᠢ ᠪᠠᠯᠠᠯᠠᠨ ᠥᠭᠡᠷᠡᠴᠢᠯᠡᠵᠦ᠂ ᠳᠠᠮᠵᠢᠭᠤᠯᠣᠨ ᠰᠠᠷᠢᠭᠠᠯᠠᠬᠤ᠂ ᠳᠦᠷᠢᠶᠡᠰᠦᠯᠡᠬᠦ᠂ ᠵᠢᠭᠡᠯᠡᠭᠦᠯᠭᠦ ᠪᠤᠶᠤ ᠪᠤᠰᠣᠳ ᠠᠷᠭ᠎ᠠ ᠪᠠᠷᠢᠯ ᠢᠶᠠᠷ ᠳᠠᠮᠵᠢᠨ ᠬᠠᠣᠯᠢ ᠪᠤᠰᠣ ᠪᠠᠷ ᠵᠠᠰᠠᠭ ᠵᠠᠬᠢᠷᠭᠠᠨ ᠤ ᠵᠦᠪᠰᠢᠶᠡᠷᠡᠯ ᠢ ᠰᠢᠯᠵᠢᠭᠦᠯᠤᠨ ᠥᠭᠬᠦ     ︵ᠭᠤᠷᠪᠠ︶ ᠵᠠᠰᠠᠭ ᠵᠠᠬᠢᠷᠭᠠᠨ ᠤ ᠵᠦᠪᠰᠢᠶᠠᠷᠡᠯ ᠤᠨ ᠬᠦᠷᠢᠶ᠎ᠡ ᠴᠠᠷ᠎ᠠ ᠠᠴᠠ ᠬᠡᠲᠦᠷᠡᠭᠰᠡᠨ ᠠᠵᠢᠯᠯᠠᠭ᠎ᠠ ᠬᠢᠬᠦ     ︵ᠳᠦᠷᠪᠠ︶ ᠬᠢᠨᠠᠨ ᠪᠠᠶᠢᠴᠠᠭᠠᠬᠤ ᠶᠢ ᠬᠠᠷᠢᠭᠤᠴᠠᠬᠤ ᠪᠡᠶ᠎ᠡ ᠲᠠᠮᠢᠷ ᠤᠨ ᠰᠠᠯᠠᠭ᠎ᠠ ᠮᠦᠴᠢᠷ  ᠠᠴᠠ ᠬᠠᠮᠢᠶ᠎ᠠ ᠪᠦᠬᠦᠢ ᠪᠠᠶᠢᠳᠠᠯ ᠢ ᠳᠠᠯᠳᠠᠯᠠᠨ᠂ ᠬᠠᠭᠤᠷᠮᠠᠭ ᠮᠠᠲ᠋ᠧᠷᠢᠶᠠᠯ ᠪᠤᠶᠤ ᠲᠡᠭᠦᠨ ᠤ  ᠠᠵᠢᠯᠯᠠᠭᠠᠨ ᠤ ᠪᠠᠶᠢᠳᠠᠯ ᠢ ᠲᠤᠰᠬᠠᠭᠰᠠᠨ ᠦᠨᠡᠨ ᠪᠣᠳᠠᠳᠣ ᠮᠠᠲ᠋ᠧᠷᠢᠶᠠᠯ ᠢ ᠡᠷᠡᠰ ᠲᠤᠰᠢᠶᠠᠬᠤ ᠦᠭᠡᠢ ᠪᠠᠶᠢᠳᠠᠯ     ︵ᠲᠠᠪᠤ︶ ᠬᠠᠣᠯᠢ ᠴᠠᠭᠠᠵᠠ᠂ ᠬᠠᠣᠯᠢ ᠳᠦᠷᠢᠮ᠂ ᠳᠦᠷᠢᠮ ᠲᠣᠭᠳᠠᠭᠠᠯ  ᠳᠤ ᠳᠣᠬᠳᠠᠬᠰᠡᠨ ᠪᠣᠰᠣᠳ ᠬᠠᠣᠯᠢ ᠪᠣᠰᠦ ᠬᠢᠳᠡᠯ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号