ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠴᠢᠯᠡᠭᠡ ᠰᠣᠨᠣᠰᠬᠤ ᠳᠦᠷᠢᠮ
ᠨᠡᠶᠢᠲᠡᠯᠡᠭᠰᠡᠨ ᠴᠠᠭ᠄
2019/2/18
    ᠨᠢᠭᠡ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠰᠢᠢᠳᠪᠦᠷᠢ ᠭᠠᠷᠭᠠᠬᠤ ᠠᠴᠠ ᠪᠠᠨ ᠡᠮᠦᠨ᠎ᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠡᠷᠡᠴᠢᠯᠡᠭᠡ  ᠰᠣᠨᠣᠰᠬᠤ ᠶᠢ ᠵᠣᠬᠢᠶᠠᠨ ᠪᠠᠶᠢᠭᠤᠯᠵᠤ ᠬᠡᠷᠡᠭᠲᠡᠶ᠃     ᠬᠤᠶᠠᠷ᠂ ᠭᠡᠷᠡᠴᠢᠯᠡᠭᠡ ᠰᠣᠨᠣᠰᠬᠤ ᠬᠦᠷᠢᠶ᠎ᠡ ᠬᠡᠪᠴᠢᠶ᠎ᠡ     ︵ᠨᠢᠭᠡ︶ ᠪᠡᠶᠡᠴᠢ ᠭᠡᠷᠡᠴᠢᠯᠡᠭᠡ ᠰᠣᠨᠣᠰᠬᠤ ᠬᠦᠷᠢᠶ᠎ᠡ ᠬᠡᠪᠴᠢᠶ᠎ᠡ     1 . ᠬᠠᠤᠯᠢ ᠴᠠᠭᠠᠵᠠ᠂ ᠬᠠᠣᠯᠢ ᠳᠦᠷᠢᠮ᠂ ᠲᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠳᠤ ᠭᠡᠷᠡᠴᠢᠯᠡᠭᠡ ᠰᠣᠨᠣᠰᠬᠤ ᠴᠢᠬᠤᠯᠠ ᠲᠠᠢ ᠪᠠᠶᠢᠳᠠᠯ︔     2᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠡᠷᠡᠴᠢᠯᠡᠭᠡ ᠰᠣᠨᠣᠰᠬᠤ ᠴᠢᠬᠤᠯᠠ  ᠲᠠᠢ ᠭᠡᠵᠦ ᠦᠵᠡᠭᠰᠡᠨ ᠪᠤᠰᠤᠳ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠵᠥᠪᠰᠢᠶᠡᠷᠡᠯ ᠤᠨ ᠤᠴᠢᠷ ᠶᠠᠪᠤᠳᠠᠯ᠃     ︵ᠬᠤᠶᠠᠷ︶ ᠭᠡᠷᠡᠴᠢᠯᠡᠭᠡ ᠰᠣᠨᠣᠰᠬᠤ ᠶᠢ ᠭᠤᠶᠣᠴᠢᠯᠠᠬᠤ ᠬᠦᠷᠢᠶ᠎ᠡ ᠬᠡᠪᠴᠢᠶ᠎ᠡᠵᠠᠰᠠᠭ ᠵᠠᠬᠢᠷᠭᠠᠨ ᠤ ᠵᠥᠪᠰᠢᠶᠡᠷᠡᠯ ᠨᠢ ᠭᠤᠶᠤᠴᠢᠯᠠᠭᠴᠢ ᠪᠤᠯᠤᠨ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠤ ᠬᠤᠭᠤᠷᠣᠨᠳᠣᠬᠢ ᠴᠢᠬᠤᠯᠠ ᠶᠡᠭᠡ ᠠᠰᠢᠭ ᠲᠤᠰᠠ ᠲᠠᠢ ᠰᠢᠭᠤᠳ ᠬᠤᠯᠪᠣᠭᠳᠠᠬᠤ ᠪᠣᠯ᠂ ᠭᠤᠶᠤᠴᠢᠯᠠᠭᠴᠢ ᠪᠣᠯᠤᠨ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠭᠡᠷᠡᠴᠢᠯᠡᠭᠡ ᠰᠣᠨᠣᠰᠬᠤ ᠭᠤᠶᠤᠴᠢᠯᠠᠯ ᠳᠤᠷᠠᠳᠤᠭᠰᠠᠨ ᠪᠠᠶᠢᠳᠠᠯ ᠢ ᠪᠠᠭᠳᠠᠨ᠎ᠠ᠃     ᠭᠤᠷᠪᠠ᠂ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ     ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠤᠯᠢ ᠲᠥᠷᠢᠮ ᠤᠨ ᠪᠠᠶᠢᠭᠤᠯᠤᠮᠵᠢ ᠠᠴᠠ ᠬᠠᠷᠢᠭᠤᠴᠠᠨ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠬᠡᠯᠲᠡᠰ ᠲᠠᠰᠤᠭ᠂ ᠶᠡᠷᠦᠩᠬᠡᠶᠢᠯᠡᠭᠰᠡᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠦᠮᠦᠰ ᠣᠷᠣᠯᠴᠠᠨ᠎ᠠ᠃     ᠳᠦᠷᠪᠠ᠂ ᠭᠡᠷᠡᠴᠢᠯᠡᠭᠡ ᠰᠣᠨᠣᠰᠬᠤ ᠠᠯᠬᠤᠮ ᠳᠠᠷᠠᠭ᠎ᠠ     ︵ᠨᠢᠭᠡ︶ ᠮᠡᠳᠡᠭᠳᠡᠬᠦ ᠡᠷᠬᠡ᠃ ᠪᠡᠶᠡᠴᠢ ᠰᠠᠨᠠᠭᠠᠴᠢᠯᠠᠭ᠎ᠠ ᠠᠴᠠ ᠭᠡᠷᠡᠴᠢᠯᠡᠭᠡ ᠰᠣᠨᠣᠰᠬᠤ ᠬᠦᠷᠢᠶ᠎ᠡ ᠬᠡᠪᠴᠢᠶ᠎ᠡ ᠳᠤ ᠪᠠᠭᠳᠠᠬᠰᠡᠨ ᠨᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠡᠶᠢᠭᠡᠮ ᠳᠤ ᠵᠠᠷᠯᠠᠨ ᠨᠡᠶᠢᠲᠡᠯᠡᠨ᠎ᠡ︔ ᠭᠡᠷᠡᠴᠢᠯᠡᠭᠡ ᠰᠣᠨᠣᠰᠬᠤ ᠪᠠᠷ ᠭᠤᠶᠤᠴᠢᠯᠠᠭᠰᠠᠨ ᠬᠡᠪᠴᠢᠶ᠎ᠡ ᠳᠤ ᠪᠠᠭᠳᠠᠬᠰᠡᠨ ᠨᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠳᠤ ᠭᠡᠷᠡᠴᠢᠯᠡᠭᠡ ᠰᠣᠨᠣᠰᠬᠤ ᠪᠠᠷ ᠱᠠᠭᠠᠷᠳᠠᠬᠤ ᠡᠷᠬᠡ ᠲᠠᠢ ᠭᠡᠳᠡᠭ ᠢ ᠮᠡᠳᠡᠭᠳᠡᠨ᠎ᠡ᠃     ︵ᠬᠤᠶᠠᠷ︶ ᠭᠤᠶᠤᠴᠢᠯᠠᠯ ᠭᠠᠷᠭᠠᠬᠤ᠃ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠭᠡᠷᠡᠴᠢᠯᠡᠭᠡ ᠰᠣᠨᠣᠰᠬᠤ ᠡᠷᠬᠡ ᠲᠠᠢ ᠭᠡᠳᠡᠭ ᠢ ᠮᠡᠳᠡᠭᠳᠡᠭᠰᠡᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ᠂ ᠭᠡᠷᠡᠴᠢᠯᠡᠭᠡ ᠰᠣᠨᠣᠰᠬᠤ ᠭᠤᠶᠤᠴᠢᠯᠠᠯ ᠳᠤᠷᠠᠳᠤᠭᠰᠠᠨ ᠪᠠᠶᠢᠬᠤ ᠬᠡᠷᠡᠭᠲᠡᠢ᠃     ︵ᠭᠤᠷᠪᠠ︶ ᠭᠡᠷᠡᠴᠢᠯᠡᠭᠡ ᠰᠣᠨᠣᠰᠬᠤ ᠶᠢ ᠮᠡᠳᠡᠭᠳᠡᠬᠦ᠃ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠡᠷᠡᠴᠢᠯᠡᠭᠡ ᠰᠣᠨᠣᠰᠬᠤ ᠠᠴᠠ 7 ᠡᠳᠦᠷ ᠤᠨ ᠡᠮᠦᠨ᠎ᠡ᠂ ᠭᠡᠷᠡᠴᠢᠯᠡᠭᠡ ᠰᠣᠨᠣᠰᠬᠤ ᠴᠠᠭ᠂ ᠭᠠᠵᠠᠷ ᠢ ᠭᠤᠶᠤᠴᠢᠯᠠᠭᠴᠢ ᠪᠠ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠳᠤ ᠮᠡᠳᠡᠭᠳᠡᠵᠦ᠂  ᠴᠢᠬᠤᠯᠠ ᠲᠠᠢ ᠪᠣᠯ ᠤᠯᠠᠨ ᠳᠤ ᠵᠠᠷᠯᠠᠬᠤ ᠬᠡᠷᠡᠭᠲᠡᠶ᠃     ︵ᠲᠦᠷᠪᠡ︶ ᠭᠡᠷᠡᠴᠢᠯᠡᠭᠡ ᠰᠣᠨᠣᠰᠬᠤ ᠶᠢ ᠶᠠᠪᠤᠭᠳᠠᠭᠤᠯᠬᠤ᠃ ᠭᠡᠷᠡᠴᠢᠯᠡᠭᠡ ᠰᠣᠨᠣᠰᠬᠤ ᠶᠢ ᠡᠷᠬᠡᠪᠰᠢ ᠢᠯᠡ ᠪᠠᠷ ᠶᠠᠪᠤᠭᠳᠠᠭᠤᠯᠬᠤ ᠬᠡᠷᠡᠭᠲᠡᠶ᠃     ᠲᠠᠪᠤ᠂ ᠭᠡᠷᠡᠴᠢᠯᠡᠭᠡ ᠰᠣᠨᠣᠰᠬᠤ ᠶᠢᠨ ᠱᠠᠭᠠᠷᠳᠠᠯᠭ᠎ᠠ     ︵ᠨᠢᠭᠡ︶ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠤᠷᠢᠳᠠᠪᠠᠷ ᠭᠡᠷᠡᠴᠢᠯᠡᠭᠡ ᠰᠣᠨᠣᠰᠬᠤ ᠲᠥᠰᠦᠯ ᠢ ᠲᠣᠭᠲᠠᠭᠠᠵᠤ᠂ ᠭᠡᠷᠡᠴᠢᠯᠡᠭᠡ ᠰᠣᠨᠣᠰᠬᠤ ᠠᠭᠤᠯᠭ᠎ᠠ ᠶᠢ ᠲᠣᠳᠣᠷᠬᠠᠶ ᠪᠣᠯᠭᠠᠨ᠂ ᠭᠡᠷᠡᠴᠢᠯᠡᠭᠡ ᠰᠣᠨᠣᠰᠬᠤ ᠮᠠᠲ᠋ᠧᠷᠢᠶᠠᠯ ᠢ ᠪᠡᠯᠡᠳᠭᠡᠨ᠎ᠡ᠃     ︵ᠬᠤᠶᠠᠷ︶ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠬᠢᠨᠠᠨ ᠪᠠᠶᠢᠴᠠᠭᠠᠬᠤ ᠠᠵᠢᠯᠳᠠᠨ ᠠᠴᠠ ᠪᠤᠰᠤᠳ ᠬᠥᠮᠦᠨ ᠢ ᠭᠡᠷᠡᠴᠢᠯᠡᠭᠡ ᠰᠣᠨᠣᠰᠬᠤ ᠬᠤᠷᠠᠯ ᠤᠨ ᠡᠷᠬᠢᠯᠡᠭᠴᠢ ᠪᠠᠷ ᠲᠣᠭᠲᠠᠭᠠᠨ᠎ᠠ︔ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠠᠴᠠ ᠬᠤᠷᠠᠯ ᠤᠨ ᠡᠷᠬᠢᠯᠡᠭᠴᠢ ᠨᠢ ᠲᠤᠰ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠵᠦᠢᠯ ᠤᠳ ᠲᠠᠢ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠭᠡᠵᠦ ᠦᠵᠡᠪᠡᠯ᠂ ᠵᠠᠶᠢᠯᠠᠭᠤᠯᠬᠤ ᠪᠠᠷ ᠭᠤᠶᠤᠴᠢᠯᠠᠬᠤ ᠡᠷᠬᠡ ᠲᠠᠢ᠃     ︵ᠭᠤᠷᠪᠠ︶ ᠭᠡᠷᠡᠴᠢᠯᠡᠭᠡ ᠰᠣᠨᠣᠰᠬᠤ ᠶᠠᠪᠤᠴᠠ ᠶᠠᠪᠣᠭᠳᠠᠬᠤ ᠦᠶᠡᠰ ᠵᠠᠰᠠᠭ ᠵᠠᠬᠢᠷᠭᠠᠨ ᠤ ᠵᠦᠪᠰᠢᠶᠠᠷᠡᠯ ᠤᠨ ᠭᠤᠶᠣᠴᠢᠯᠠᠯ  ᠢ ᠰᠢᠭᠦᠨ ᠪᠠᠶᠢᠴᠠᠭᠠᠬᠤ ᠠᠵᠢᠯᠲᠠᠨ ᠠᠴᠠ  ᠰᠢᠭᠦᠨ ᠪᠠᠶᠢᠴᠠᠬᠰᠡᠨ ᠰᠠᠨᠠᠯ ᠤᠨ ᠪᠠᠷᠢᠮᠲᠠ ᠶᠢ ᠳᠣᠰᠢᠶᠠᠬᠤ ᠭᠡᠷᠡᠭᠲᠡᠢ︔ ᠭᠤᠶᠤᠴᠢᠯᠠᠭᠴᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠠᠴᠠ ᠭᠡᠷᠡᠴᠢ ᠳᠣᠷᠠᠳᠣᠨ ᠮᠠᠷᠭᠤᠯᠳᠣᠬᠤ ᠪᠣᠶᠣ ᠭᠡᠷᠡᠴᠢᠯᠡᠵᠦ ᠪᠣᠯᠣᠨ᠎ᠠ᠃     ︵ᠳᠦᠷᠪᠠ︶ ᠭᠡᠷᠡᠴᠢᠯᠡᠭᠡ ᠰᠣᠨᠣᠰᠬᠤ ᠦᠶᠡᠰ ᠪᠢᠴᠢᠭ ᠤᠨ ᠲᠡᠮᠳᠡᠭᠯᠡᠯ ᠬᠢᠵᠦ᠂ ᠭᠡᠷᠡᠴᠢᠯᠡᠨ ᠰᠤᠨᠤᠰᠬᠤ ᠪᠢᠴᠢᠭ ᠤᠨ ᠲᠡᠮᠳᠡᠭᠯᠡᠯ ᠢ ᠭᠡᠷᠡᠴᠢᠯᠡᠭᠡ ᠰᠣᠨᠣᠰᠬᠤ ᠳᠤ ᠤᠷᠤᠯᠴᠡᠭᠰᠡᠨ ᠬᠦᠮᠦᠨ ᠢᠶᠠᠷ ᠬᠢᠨᠠᠭᠤᠯᠵᠤ᠂ ᠪᠤᠷᠤᠭᠤ ᠦᠭᠡᠢ ᠪᠣᠯ ᠭᠠᠷ ᠤᠨ ᠦᠰᠦᠭ ᠵᠢᠷᠣᠬᠤ ᠪᠣᠶᠣ ᠲᠠᠮᠠᠭ᠎ᠠ ᠳᠠᠷᠣᠨ᠎ᠠ᠃     ᠵᠢᠷᠭᠤᠭ᠎ᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠭᠡᠷᠡᠴᠢᠯᠡᠭᠡ ᠰᠣᠨᠣᠰᠬᠤ ᠪᠢᠴᠢᠭ ᠤᠨ ᠲᠡᠮᠳᠡᠭᠯᠡᠯ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠰᠢᠢᠳᠪᠦᠷᠢ ᠶᠢ ᠭᠠᠷᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号