ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ  ᠢ ᠦᠨᠡᠯᠡᠨ ᠵᠦᠪᠳᠦᠯᠳᠦᠨ ᠰᠢᠯᠭᠠᠨ ᠳᠣᠬᠲᠠᠭᠠᠬᠤ ᠠᠷᠭ᠎ᠠ
ᠨᠡᠶᠢᠲᠡᠯᠡᠭᠰᠡᠨ ᠴᠠᠭ᠄
2019/2/18
    ᠨᠢᠭᠡᠳᠦᠭᠡᠷ ᠵᠤᠷᠪᠤᠰ᠂ ᠵᠠᠰᠠᠭ ᠵᠠᠬᠢᠷᠭᠠᠨ ᠤ ᠬᠠᠤᠯᠢ ᠳᠦᠷᠢᠮ ᠤᠨ ᠡᠯ᠎ᠡ ᠳᠠᠯ᠎ᠡ ᠤᠨ ᠳᠤᠭᠳᠠᠭᠠᠯ ᠢ ᠪᠣᠲᠠᠲᠠᠶᠢᠵᠢᠭᠤᠯᠬᠤ ᠪᠠ ᠬᠠᠣᠯᠢ ᠴᠠᠭᠠᠵᠠ᠂ ᠬᠠᠣᠯᠢ ᠳᠦᠷᠢᠮ᠂ ᠳᠦᠷᠢᠮ ᠳᠣᠭᠳᠠᠭᠠᠯ  ᠢ  ᠪᠦᠷᠢᠨ ᠳᠡᠭᠦᠯᠳᠡᠷ ᠵᠦᠪ ᠤᠨᠤᠪᠴᠢᠲᠠᠢ ᠬᠡᠷᠡᠭᠵᠢᠬᠦᠯᠵᠦ᠂ ᠬᠠᠣᠯᠢ ᠬᠡᠷᠡᠭᠵᠢᠭᠦᠯᠬᠦ ᠳᠤ ᠪᠠᠲᠤᠯᠠᠭ᠎ᠠ ᠲᠠᠢ᠂ ᠡᠷᠬᠡ ᠲᠠᠢ ᠪᠣᠯ ᠬᠠᠷᠢᠭᠤᠴᠠᠯᠭ᠎ᠠ ᠲᠠᠢ ᠂ ᠡᠷᠬᠡ ᠬᠡᠷᠡᠭᠵᠢᠭᠦᠯᠬᠦ ᠳᠤ ᠬᠢᠨᠠᠯᠲᠠ ᠲᠠᠢ᠂ ᠬᠠᠤᠯᠢ ᠠᠴᠠ ᠵᠦᠷᠢᠴᠡᠪᠡᠯ ᠨᠡᠬᠡᠮᠵᠢᠯᠡᠯ ᠲᠠᠢ᠂ ᠬᠠᠤᠯᠢ ᠶᠢᠨ ᠳᠠᠭᠠᠤ ᠵᠠᠰᠠᠭ ᠶᠠᠪᠦᠭᠤᠯᠬᠤ ᠬᠠᠷᠠᠯᠲᠠ ᠶᠢ ᠪᠡᠶᠡᠯᠡᠬᠦᠯᠬᠦ  ᠶᠢᠨ ᠲᠦᠯᠦᠭᠡ ᠲᠤᠰ ᠠᠷᠭ᠎ᠠ ᠶᠢ ᠳᠣᠬᠳᠠᠭᠠᠬᠰᠡᠨ ᠪᠠᠶᠢᠨ᠎ᠠ᠃     ᠬᠤᠶᠠᠳᠤᠭᠠᠷ ᠵᠤᠷᠪᠤᠰ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮᠲᠦ ᠣᠳᠣᠷᠢᠳᠣᠯᠭ᠎ᠠ ᠶᠢᠨ ᠪᠠᠭ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠠᠵᠢᠯ  ᠢ ᠤᠳᠤᠷᠢᠳᠦᠨ᠎ᠠ᠂ ᠪᠣᠰᠣᠳ ᠠᠯᠪᠠᠨ ᠭᠡᠷ ᠠᠴᠠ ᠪᠣᠳᠠᠲᠠᠢ ᠬᠢᠨᠠᠨ ᠰᠢᠯᠭᠠᠬᠤ ᠡᠳᠣᠷ ᠲᠤᠲᠤᠮ ᠤᠨ ᠠᠵᠢᠯ ᠢ ᠬᠠᠷᠢᠭᠤᠴᠠᠨ᠎ᠠ᠃     ᠭᠤᠷᠪᠠᠳᠣᠭᠠᠷ ᠵᠤᠷᠪᠤᠰ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ  ᠤᠨ ᠬᠢᠨᠠᠨ ᠰᠢᠯᠭᠠᠯᠲᠠ ᠨᠢ ᠬᠠᠤᠯᠢ ᠴᠠᠭᠠᠵᠠ᠂ ᠬᠠᠣᠯᠢ ᠳᠦᠷᠢᠮ ᠪᠠ ᠳᠦᠷᠢᠮ ᠳᠣᠭᠲᠠᠭᠠᠯ ᠠᠴᠠ ᠦᠨᠳᠦᠰᠦᠯᠡᠵᠦ᠂ ᠦᠨᠡᠨ ᠠᠴᠠ ᠵᠦᠪ ᠢ ᠡᠷᠢᠬᠦ᠂ ᠡᠷᠬᠡ ᠲᠡᠭᠰᠢ᠂ ᠲᠥᠪ ᠭᠤᠣᠯᠴᠢ᠂ ᠢᠯᠡ ᠳᠣᠳᠣᠷᠬᠠᠢ ᠪᠠ ᠰᠢᠯᠢᠳᠡᠭ ᠢ ᠱᠠᠩᠨᠠᠨ᠂ ᠰᠢᠭᠠᠷᠦ ᠶᠢ ᠳᠣᠷᠭᠠᠬᠤ ᠵᠠᠷᠴᠢᠮ ᠢ ᠪᠠᠷᠢᠮᠲᠠᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ  ᠶᠢᠨ ᠬᠢᠨᠠᠨ ᠰᠢᠯᠭᠠᠯᠲᠠ ᠪᠠ ᠣᠨ ᠤ ᠠᠵᠢᠯ ᠤᠨ ᠬᠠᠷᠠᠯᠲᠠ ᠡᠭᠦᠷᠭᠡ ᠶᠢᠨ ᠬᠢᠨᠠᠨ ᠰᠢᠯᠭᠠᠯᠲᠠ᠂ ᠠᠯᠪᠠᠳᠠᠳ ᠤᠨ ᠣᠨ ᠤ ᠬᠢᠨᠠᠨ ᠰᠢᠯᠭᠠᠯᠲᠠ ᠲᠠᠢ ᠣᠶᠠᠯᠳᠣᠭᠤᠯᠣᠨ᠎ᠠ᠃     ᠳᠦᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠬᠠᠤᠯᠢ ᠳᠦᠷᠢᠮ ᠤᠨ ᠬᠡᠷᠡᠭᠵᠢᠭᠦᠯᠬᠦ ᠬᠠᠷᠢᠭᠤᠴᠠᠯᠭ᠎ᠠ  ᠶᠢᠨ ᠳᠦᠷᠢᠮ ᠢ ᠬᠢᠨᠠᠨ ᠰᠢᠯᠭᠠᠬᠤ ᠳᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄     ︵ᠨᠢᠭᠡ︶ ᠬᠠᠤᠯᠢ ᠳᠤ ᠨᠡᠶᠢᠴᠡᠭᠰᠡᠨ ᠵᠠᠰᠠᠭ ᠵᠠᠬᠢᠷᠭᠠᠨ ᠤ ᠪᠠᠶᠢᠳᠠᠯ᠃ ᠬᠠᠣᠯᠢ ᠴᠠᠭᠠᠵᠠ᠂ ᠬᠠᠣᠯᠢ ᠳᠦᠷᠢᠮ᠂ ᠳᠦᠷᠢᠮ ᠳᠣᠭᠳᠠᠭᠠᠯ ᠢ ᠦᠨᠳᠦᠰᠦᠯᠡᠨ ᠡᠷᠬᠡ ᠪᠠᠨ ᠬᠡᠷᠡᠭᠵᠢᠭᠦᠯᠦᠭᠰᠡᠨ ᠡᠰᠡᠬᠦ ᠶᠢ ᠬᠢᠨᠠᠨ ᠰᠢᠯᠭᠠᠬᠤ᠂ ᠡᠷᠬᠡ ᠠᠴᠠ ᠳᠠᠪᠠᠭᠤᠯᠤᠨ ᠬᠠᠤᠯᠢ ᠬᠡᠷᠡᠭᠵᠢᠭᠦᠯᠦᠭᠰᠡᠨ ᠪᠤᠶᠤ ᠵᠠᠰᠠᠭ ᠵᠠᠬᠢᠷᠭᠠᠨ ᠤ ᠬᠠᠷᠢᠭᠤᠴᠠᠯᠭ᠎ᠠ ᠦᠭᠡᠢ ᠦᠢᠯᠡ ᠶᠠᠪᠤᠳᠠᠯ ᠣᠷᠣᠰᠢᠵᠦ ᠪᠠᠶᠢᠬᠤ ᠪᠠᠶᠢᠳᠠᠯ ᠢ ᠬᠢᠨᠠᠨ ᠰᠢᠯᠭᠠᠬᠤ︔     ︵ᠬᠤᠶᠠᠷ︶ ᠶᠣᠰᠣᠨ ᠳᠤ ᠨᠡᠶᠢᠴᠡᠭᠰᠡᠨ ᠵᠠᠰᠠᠭ ᠶᠠᠪᠣᠭᠤᠯᠬᠤ ᠪᠠᠶᠢᠳᠠᠯ᠃  ᠬᠢᠨᠠᠨ ᠰᠢᠯᠭᠠᠯᠲᠠ ᠨᠢ ᠡᠷᠬᠡ ᠲᠡᠭᠰᠢ᠂ ᠲᠦᠪ ᠭᠤᠣᠯᠴᠢ ᠪᠠᠷ  ᠵᠠᠰᠠᠭ ᠵᠠᠬᠢᠷᠭᠠᠨ ᠤ ᠬᠠᠮᠢᠶᠠᠷᠣᠭᠳᠠᠬᠤ ᠡᠳᠡᠭᠡᠳ ᠲᠤ ᠬᠠᠨᠳᠣᠵᠦ ᠪᠠᠶᠢᠬᠤ ᠡᠰᠡᠬᠦ᠂ ᠬᠡᠯᠪᠡᠶᠢᠭᠦᠦ᠂ ᠭᠠᠳᠠᠭᠤᠷᠴᠢᠯᠬᠤ ᠪᠠᠶᠢᠳᠠᠯ ᠣᠷᠣᠰᠢᠬᠤ ᠦᠭᠡᠢ ᠪᠠᠶᠢᠬᠤ︔  ᠬᠢᠨᠠᠨ ᠰᠢᠯᠭᠠᠯᠲᠠ  ᠶᠢᠨ ᠡᠷᠬᠡ ᠶᠢᠨ ᠬᠡᠷᠡᠭᠵᠢᠭᠦᠯᠦᠯᠲᠡ ᠨᠢ ᠬᠠᠤᠯᠢ ᠶᠤᠰᠤᠨ ᠳᠤ ᠨᠡᠶᠢᠴᠡᠭᠰᠡᠨ ᠡᠰᠡᠬᠦ  ᠶᠢ ᠬᠢᠨᠠᠨ ᠰᠢᠯᠭᠠᠬᠤ     ︵ᠭᠤᠷᠪᠠ︶ ᠶᠠᠪᠤᠴᠠ ᠵᠦᠢ ᠶᠣᠰᠣᠨ ᠳᠤ ᠨᠡᠶᠢᠴᠡᠭᠰᠡᠨ ᠪᠠᠶᠢᠳᠠᠯ᠃  ᠬᠢᠨᠠᠨ ᠰᠢᠯᠭᠠᠯᠲᠠ ᠨᠢ ᠬᠠᠤᠯᠢ ᠳᠤ ᠲᠣᠭᠲᠠᠭᠰᠠᠨ ᠶᠠᠪᠤᠴᠠ  ᠶᠢ ᠵᠢᠷᠤᠮᠯᠠᠵᠤ ᠪᠠᠶᠢᠬᠤ ᠡᠰᠡᠬᠦ᠂ ᠬᠠᠷᠢᠴᠠᠩᠭᠤᠢ ᠬᠦᠮᠦᠨ᠂ ᠠᠰᠢᠭ ᠲᠣᠰᠠ ᠪᠦᠭᠦᠢ ᠬᠦᠮᠦᠨ ᠵᠠᠰᠠᠭ ᠵᠠᠬᠢᠷᠭᠠᠨ ᠤ ᠬᠠᠮᠢᠶᠠᠷᠣᠯᠲᠠ ᠳᠤ ᠤᠷᠤᠯᠴᠠᠬᠤ ᠨᠦᠭᠦᠴᠡᠯ ᠢ ᠬᠠᠨᠭ᠍ᠭᠠᠵᠤ᠂ ᠮᠡᠳᠡᠬᠦ ᠡᠷᠬᠡ᠂ ᠣᠷᠣᠯᠴᠠᠬᠤ ᠡᠷᠬᠡ ᠂ ᠲᠤᠰᠠᠯᠠᠮᠵᠢ ᠣᠯᠬᠤ ᠡᠷᠬᠡ ᠪᠠᠶᠠᠯᠡᠭᠳᠡᠬᠦ ᠶᠢ ᠪᠠᠳᠣᠯᠠᠬᠤ ᠪᠠᠶᠢᠳᠠᠯ ᠢ ᠬᠢᠨᠠᠨ ᠰᠢᠯᠭᠠᠬᠤ︔ ᠵᠠᠰᠠᠭ ᠵᠠᠬᠢᠷᠭᠠᠨ ᠤ ᠬᠠᠣᠯᠢ ᠶᠠᠪᠤᠭᠤᠯᠬᠤ ᠨᠢ ᠢᠯᠡ ᠲᠣᠳᠣᠷᠬᠠᠢ ᠪᠠᠶᠢᠬᠤ ᠡᠰᠡᠬᠦ  ᠶᠢ ᠬᠢᠨᠠᠨ ᠰᠢᠯᠭᠠᠬᠤ︔ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠭᠴᠢ ᠠᠴᠠ ᠬᠠᠤᠯᠢ ᠬᠡᠷᠡᠭᠵᠢᠭᠦᠯᠬᠦ ᠶᠠᠪᠦᠴᠠ ᠳᠣᠮᠳᠠ ᠠᠰᠢᠭ ᠬᠤᠣᠷ ᠤᠨ ᠬᠠᠷᠢᠴᠠᠭ᠎ᠠ ᠪᠠᠶᠢᠪᠠᠯ ᠵᠠᠶᠢᠯᠠᠰᠬᠢᠵᠦ ᠪᠠᠶᠢᠬᠤ ᠡᠰᠡᠬᠦ ᠪᠠᠶᠢᠳᠠᠯ ᠢ ᠬᠢᠨᠠᠨ ᠰᠢᠯᠭᠠᠬᠤ᠃     ︵ᠳᠦᠷᠪᠠ︶ ᠦᠨᠳᠦᠷ ᠦᠷ᠎ᠡ ᠠᠰᠢᠭᠲᠠᠢ ᠠᠷᠠᠳ ᠲᠤ ᠳᠦᠭᠦᠮ ᠦᠵᠡᠭᠦᠯᠬᠦ ᠪᠠᠶᠢᠳᠠᠯ᠃ ᠬᠠᠣᠯᠢ ᠳᠤ ᠲᠤᠭᠲᠠᠭᠰᠠᠨ ᠬᠤᠭᠤᠴᠠᠭ᠎ᠠ ᠳᠤᠲᠤᠷ᠎ᠠ ᠵᠠᠰᠠᠭ ᠵᠠᠬᠢᠷᠭᠠᠨ ᠤ ᠵᠦᠪᠰᠢᠶᠠᠷᠡᠯ ᠠᠪᠬᠤ ᠶᠠᠪᠣᠳᠠᠯ ᠢ ᠪᠡᠶᠡᠯᠡᠭᠦᠯᠦᠭᠰᠡᠨ ᠡᠰᠡᠬᠦ  ᠶᠢ ᠬᠢᠨᠠᠨ ᠰᠢᠯᠭᠠᠬᠤ︔ ᠬᠦᠮᠦᠨ ᠤ ᠬᠦᠴᠦᠨ᠂ ᠪᠤᠳᠠᠰ  ᠤᠨ ᠬᠦᠴᠦ ᠪᠠᠭ᠎ᠠ ᠪᠠᠶᠢᠳᠠᠯ ᠳᠣᠣᠷ᠎ᠠ ᠵᠠᠰᠠᠭ ᠵᠠᠬᠢᠷᠭᠠᠨ ᠤ ᠪᠦᠲᠦᠮᠵᠢ ᠪᠡᠶᠡᠯᠡᠭᠦᠯᠤᠭ᠍ᠰᠡᠨ ᠡᠰᠡᠬᠦ  ᠶᠢ ᠬᠢᠨᠠᠨ ᠰᠢᠯᠭᠠᠬᠤ︔ ᠵᠠᠰᠠᠭ ᠵᠠᠬᠢᠷᠭᠠᠨ ᠤ ᠵᠦᠪᠰᠢᠶᠠᠷᠡᠯ ᠤᠨ ᠨᠢᠭᠡ ᠴᠤᠩᠬᠤ  ᠶᠢᠨ  ᠦᠢᠯᠡᠴᠢᠯᠡᠭᠡ ᠪᠠᠷ ᠭᠠᠳᠠᠭᠰᠢ ᠦᠢᠯᠡᠴᠢᠯᠡᠭᠰᠡᠨ ᠪᠠᠶᠢᠳᠠᠯ ᠢ ᠰᠢᠯᠭᠠᠬᠤ᠃     ︵ᠲᠠᠪᠦ︶ ᠦᠨᠡᠨᠴᠢ ᠢᠲᠡᠭᠡᠯ ᠲᠠᠢ ᠪᠠᠶᠢᠳᠠᠯ᠃ ᠨᠡᠶᠢᠲᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠣᠯᠲᠠ ᠶᠢᠨ ᠰᠣᠷᠠᠭ ᠵᠠᠩᠬᠢ ᠪᠦᠷᠢᠨ ᠪᠦᠲᠦᠨ᠂ ᠣᠨᠣᠪᠴᠢᠲᠠᠢ᠂ ᠦᠨᠡᠨ ᠪᠣᠲᠠᠲᠠᠢ ᠪᠠᠶᠢᠬᠤ ᠡᠰᠡᠬᠦ  ᠶᠢ ᠬᠢᠨᠠᠨ ᠰᠢᠯᠭᠠᠬᠤ︔ ᠬᠠᠣᠯᠢ ᠳᠤ ᠲᠤᠭᠲᠠᠭᠰᠠᠨ ᠪᠢᠰᠢ ᠬᠡᠷᠡᠭ ᠶᠠᠪᠣᠳᠠᠯ ᠤᠴᠢᠷ ᠨᠢ ᠮᠦᠨ ᠬᠠᠣᠯᠢ ᠳᠤ ᠲᠤᠭᠲᠠᠭᠰᠠᠨ ᠵᠠᠷᠴᠢᠮ ᠶᠤᠰᠤᠭᠠᠷ ᠣᠭᠴᠠᠷᠠᠬᠤ ᠬᠡᠷᠡᠭᠲᠡᠢ ᠪᠤᠶᠤ ᠵᠠᠰᠠᠭ ᠵᠠᠬᠢᠷᠭᠠᠨ ᠤ ᠰᠢᠢᠳᠪᠦᠷᠢ ᠨᠢᠭᠡᠨᠲᠡ ᠬᠤᠪᠢᠷᠠᠯᠲᠠ ᠭᠠᠷᠣᠬᠰᠡᠨ ᠪᠠᠶᠢᠳᠠᠯ ᠢ ᠰᠢᠯᠭᠠᠨ ᠬᠢᠨᠠᠨᠬᠤ︔ ᠬᠠᠣᠯᠢ ᠪᠠᠷ ᠬᠤᠪᠢᠷᠠᠯᠲᠠ ᠭᠠᠷᠣᠬᠰᠡᠨ ᠪᠣᠶᠣ ᠣᠭᠴᠠᠷᠠᠯᠲᠠ ᠨᠢ ᠨᠢᠭᠡᠨᠳᠡ ᠬᠦᠴᠦᠨ ᠲᠠᠢ ᠪᠣᠯᠣᠬᠰᠡᠨ ᠵᠠᠰᠠᠭ ᠵᠠᠬᠢᠷᠭᠠᠨ ᠤ ᠰᠢᠢᠳᠪᠦᠷᠢ ᠨᠢ ᠬᠠᠷᠠᠭᠠᠯᠵᠠᠭᠰᠠᠨ ᠡᠳᠡᠭᠡᠳ ᠤᠨ ᠬᠤᠬᠢᠷᠠᠯ ᠢ ᠨᠦᠬᠦᠪᠦᠷᠢᠯᠡᠬᠦ ᠪᠠᠶᠢᠳᠠᠯ ᠢ ᠬᠢᠨᠠᠨ ᠰᠢᠯᠭᠠᠨ᠎ᠠ᠃     ︵ᠵᠢᠷᠭᠤᠭ᠎ᠠ︶ ᠡᠷᠬᠡ ᠬᠠᠷᠢᠭᠤᠴᠠᠯᠭ᠎ᠠ ᠠᠳᠠᠯᠢ ᠪᠠᠶᠢᠳᠠᠯ᠃ ᠵᠠᠰᠠᠭ ᠵᠠᠬᠢᠷᠭᠠᠨ ᠤ ᠡᠷᠬᠡ ᠵᠡᠷᠭᠡ ᠶᠠᠪᠣᠭᠤᠯᠬᠤ ᠶᠢᠨ ᠳᠠᠭᠠᠤ ᠳᠤ ᠬᠠᠮᠢᠶ᠎ᠠ ᠪᠦᠬᠦᠢ ᠬᠠᠷᠢᠭᠤᠴᠠᠯᠭ᠎ᠠ ᠪᠠᠨ ᠡᠬᠦᠷᠭᠡᠯᠡᠭᠰᠡᠨ ᠪᠠᠶᠢᠬᠤ ᠶᠢ ᠰᠢᠯᠭᠠᠬᠤ︔ᠲᠠᠪᠦᠳᠣᠭᠠᠷ ᠵᠣᠷᠪᠣᠰ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠳᠦᠷᠢᠮ  ᠢ ᠡᠳᠦᠷ ᠳᠣᠲᠣᠮ ᠤᠨ ᠬᠢᠨᠠᠨ ᠰᠢᠯᠭᠠᠯᠲᠠ ᠪᠠ ᠣᠨ ᠤ ᠪᠠᠶᠢᠴᠠᠭᠠᠯᠲᠠ ᠶᠢ  ᠤᠶᠠᠯᠳᠤᠭᠤᠯᠬᠤ ᠠᠷᠭ᠎ᠠ ᠪᠠᠷ ᠶᠠᠪᠣᠭᠤᠯᠣᠨ᠎ᠠ᠃     ︵ᠨᠢᠭᠡ︶ ᠡᠳᠦᠷ ᠳᠣᠲᠣᠮ ᠤᠨ ᠬᠢᠨᠠᠨ ᠰᠢᠯᠭᠠᠯᠲᠠ ᠨᠢ ᠳᠣᠬᠠᠢ ᠶᠢᠨ ᠬᠦᠮᠦᠨ ᠤ ᠵᠠᠭᠠᠯᠳᠣᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠠᠨ ᠠᠪᠤᠬᠰᠡᠨ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠬᠦᠯᠢᠶᠠᠨ ᠠᠪᠣᠬᠰᠡᠨ᠂ ᠵᠠᠰᠠᠭ ᠵᠠᠬᠢᠷᠭᠠᠨ ᠤ ᠵᠠᠭᠠᠯᠳᠣᠯᠭ᠎ᠠ ᠶᠢ ᠬᠦᠯᠢᠶᠡᠨ ᠬᠦᠢᠴᠡᠳᠭᠡᠬᠦ᠂ ᠵᠠᠰᠠᠭ ᠵᠠᠬᠢᠷᠭᠠᠨ ᠤ ᠵᠦᠪᠰᠢᠶᠠᠷᠡᠯ ᠪᠠ ᠵᠠᠰᠠᠭ ᠵᠠᠬᠢᠷᠭᠠᠨ ᠤ ᠰᠢᠳᠭᠡᠯ ᠤᠨ ᠳᠠᠩᠰᠠ ᠡᠪᠬᠢᠮᠡᠯ ᠢ ᠰᠣᠩᠭᠤᠨ ᠪᠠᠶᠢᠴᠠᠭᠠᠬᠤ᠂ ᠴᠠᠭ ᠲᠣᠭᠳᠠᠯ ᠦᠭᠡᠢ ᠨᠢᠭᠤᠴᠠ ᠪᠠᠷ ᠪᠠᠶᠢᠴᠠᠭᠠᠬᠤ ᠵᠠᠷᠭᠡ ᠠᠷᠭ᠎ᠠ ᠪᠠᠷ ᠶᠠᠪᠣᠭᠳᠠᠭᠤᠯᠣᠨ᠎ᠠ᠃     ︵ᠬᠤᠶᠠᠷ︶ ᠣᠨ ᠤ ᠬᠢᠨᠠᠨ ᠰᠢᠯᠭᠠᠯᠳᠠ ᠨᠢ ᠵᠢᠯ ᠪᠦᠷᠢ ᠶᠢᠨ ᠵᠢᠯ ᠤᠨ ᠡᠴᠦᠰ ᠲᠤ ᠳᠣᠣᠷᠠᠬᠢ ᠠᠷᠭ᠎ᠠ ᠬᠡᠯᠪᠡᠷᠢ ᠪᠠᠷ ᠶᠠᠪᠣᠭᠳᠠᠨ᠎ᠠ᠄     1᠂ ᠬᠢᠨᠠᠨ ᠰᠢᠯᠭᠠᠭᠳᠠᠬᠤ ᠡᠳᠡᠭᠡᠳ ᠠᠴᠠ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠤᠨ ᠳᠦᠷᠢᠮᠳᠦ ᠣᠳᠣᠷᠢᠳᠣᠯᠭ᠎ᠠ ᠶᠢᠨ ᠪᠠᠭ ᠲᠤ ᠣᠨ ᠤ ᠬᠠᠣᠯᠢ ᠶᠣᠰᠣᠨ ᠤ ᠵᠠᠰᠠᠭ ᠵᠠᠬᠢᠷᠭᠠᠨ ᠤ ᠠᠵᠢᠯ ᠤᠨ ᠮᠡᠳᠡᠭᠦᠯᠦᠯᠲᠡ ᠳᠣᠰᠢᠶᠠᠨ᠎ᠠ︔     2᠂ ᠬᠢᠨᠠᠨ ᠰᠢᠯᠭᠠᠭᠳᠠᠬᠤ ᠡᠳᠡᠭᠡᠳ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠭᠰᠡᠨ ᠳᠠᠩᠰᠠ ᠡᠪᠬᠢᠮᠡᠯ ᠢ ᠰᠢᠯᠵᠢᠭᠦᠯᠦᠨ ᠦᠵᠡᠵᠦ᠂ ᠬᠢᠨᠠᠨ ᠰᠢᠯᠭᠠᠭᠳᠠᠬᠤ ᠡᠳᠡᠭᠡᠳ ᠤᠨ ᠵᠠᠰᠠᠭ ᠵᠠᠬᠢᠷᠭᠠᠨ ᠤ ᠵᠦᠪᠰᠢᠶᠠᠷᠡᠯ ᠥᠭᠬᠦ᠂ ᠵᠠᠰᠠᠭ ᠵᠠᠬᠢᠷᠭᠠᠨ ᠤ ᠰᠢᠳᠭᠡᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ᠂ ᠵᠠᠰᠠᠭ ᠵᠠᠬᠢᠷᠭᠠᠨ ᠤ ᠵᠦᠪᠰᠢᠶᠠᠷᠡᠯ ᠵᠢᠴᠢ ᠪᠣᠰᠣᠳ ᠵᠠᠰᠠᠭ ᠵᠠᠬᠢᠷᠭᠠᠨ ᠤ ᠡᠷᠬᠡ  ᠶᠢᠨ ᠬᠠᠮᠢᠶ᠎ᠠ ᠪᠦᠬᠦᠢ ᠳᠠᠯ᠎ᠡ ᠳᠤ ᠣᠷᠣᠰᠢᠵᠦ ᠪᠠᠶᠢᠬᠤ ᠠᠰᠠᠭᠤᠳᠠᠯ ᠢ ᠡᠷᠢᠵᠦ ᠭᠠᠷᠭᠠᠨ᠎ᠠ︔     3᠂ ᠬᠠᠮᠢᠶ᠎ᠠ ᠪᠦᠬᠦᠢ ᠳᠠᠯ᠎ᠡ ᠤᠨ ᠬᠦᠮᠦᠨ ᠤ ᠰᠠᠭᠤᠳᠠᠯ ᠤᠨ ᠬᠤᠷᠠᠯ ᠬᠢᠬᠦ ᠪᠣᠶᠣ ᠨᠡᠶᠢᠭᠡᠮ ᠤᠨ ᠡᠯ᠎ᠡ ᠡᠳᠡᠭᠡᠳ ᠠᠴᠠ ᠠᠰᠠᠭᠤᠯᠲᠠ ᠪᠠᠷ ᠪᠠᠶᠢᠴᠠᠭᠠᠵᠦ᠂ ᠡᠯ᠎ᠠ ᠳᠠᠯ᠎ᠡ ᠤᠨ ᠰᠠᠨᠠᠯ ᠢ ᠰᠣᠨᠣᠰᠤᠨ᠎ᠠ︔     4᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠭᠴᠢ ᠳᠤ ᠬᠠᠮᠢᠶ᠎ᠠ ᠪᠦᠬᠦᠢ ᠴᠢᠳᠠᠵᠦ ᠮᠡᠳᠡᠬᠦ ᠴᠢᠬᠤᠯᠠ ᠲᠠᠢ ᠵᠦᠢᠯᠡᠰ ᠤᠨ ᠳᠣᠬᠠᠢ ᠠᠵᠢᠯ ᠳᠦᠷᠦᠯ ᠤᠨ ᠰᠢᠯᠭᠠᠯᠳᠠ ᠬᠢᠨ᠎ᠡ︔     5᠂ ᠬᠢᠨᠠᠨ ᠰᠢᠯᠭᠠᠭᠳᠠᠬᠤ ᠪᠠᠶᠢᠭᠤᠯᠭ᠎ᠠ ᠳᠤ ᠣᠴᠢᠵᠦ ᠪᠠᠶᠢᠴᠠᠭᠠᠯᠲᠠ ᠬᠢᠨ᠎ᠡ᠃     ᠵᠢᠷᠭᠤᠳᠣᠭᠠᠷ ᠵᠣᠷᠪᠣᠰ᠂ ᠥᠪᠡᠷᠳᠠᠭᠡᠨ ᠵᠠᠰᠠᠬᠤ ᠣᠷᠣᠨ ᠤ ᠪᠡᠶ᠎ᠠ ᠲᠠᠮᠢᠷ ᠤᠨ ᠳᠣᠪᠴᠢᠶ᠎ᠠ ᠶᠢᠨ ᠵᠠᠰᠠᠭ ᠵᠠᠬᠢᠷᠭᠠᠨ ᠤ ᠬᠠᠣᠯᠢ ᠴᠠᠭᠠᠵᠠ ᠶᠢᠨ   ᠬᠠᠷᠢᠭᠤᠴᠠᠯᠭ᠎ᠠ ᠲᠠᠢ ᠣᠳᠣᠷᠢᠳᠣᠯᠭ᠎ᠠ ᠶᠢᠨ ᠪᠠᠭ ᠠᠴᠠ ᠬᠢᠨᠠᠨ ᠰᠢᠯᠭᠠᠬᠰᠡᠨ ᠦᠷ᠎ᠡ ᠳ᠋ᠦᠩ ᠢ ᠳᠣᠪᠴᠢᠶ᠎ᠠ  ᠶᠢᠨ ᠨᠠᠮ ᠤᠨ ᠳᠣᠭᠤᠶᠢᠯᠠᠩ ᠳᠤ ᠮᠡᠳᠡᠭᠦᠯᠦᠯᠲᠡ ᠬᠢᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号