ᠤᠯᠢᠮᠫᠢᠺ ᠤᠨ ᠪᠡᠯᠬᠡ ᠳᠡᠮᠳᠡᠭ ᠤᠨ ᠬᠠᠮᠠᠭᠠᠯᠠᠯᠳᠠ ᠶᠢᠨ ᠳᠦᠷᠢᠮ
ᠨᠡᠶᠢᠲᠡᠯᠡᠭᠰᠡᠨ ᠴᠠᠭ᠄
2019/2/20
        ᠤᠯᠢᠮᠫᠢᠺ ᠤᠨ ᠪᠡᠯᠬᠡ ᠳᠡᠮᠳᠡᠭ ᠤᠨ ᠬᠠᠮᠠᠭᠠᠯᠠᠯᠳᠠ ᠶᠢᠨ ᠳᠦᠷᠢᠮ     ᠨᠢᠭᠡᠳᠦᠭᠡᠷ ᠵᠤᠷᠪᠤᠰ  ᠤᠯᠢᠮᠫᠢᠺ ᠤᠨ ᠪᠡᠯᠬᠡ ᠳᠡᠮᠳᠡᠭ ᠤᠨ ᠬᠠᠮᠠᠭᠠᠯᠠᠯᠳᠠ ᠶᠢ ᠴᠢᠩᠭᠠᠳᠬᠠᠵᠤ᠂ ᠤᠯᠢᠮᠫᠢᠺ ‍ᠤᠨ‌‍ᠪᠡᠯᠬᠡ ᠳᠡᠮᠳᠡᠭ ᠤᠨ ᠡᠷᠬᠡ ᠠᠰᠢᠭ ᠤᠨ ᠬᠦᠮᠦᠨ ᠤ ᠬᠠᠤᠯᠢ  ᠶᠤᠰᠤᠨ‌‍ᠣ ᠡᠷᠬᠡ ᠠᠰᠢᠭ ᠢ ᠬᠠᠮᠠᠭᠠᠯᠠᠵᠤ᠂ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠨᠡᠷ᠎ᠡ ᠬᠦᠨᠳᠦ ᠶᠢ ᠬᠠᠮᠠᠭᠠᠯᠠᠬᠤ ᠶᠢᠨ ᠳᠥᠯᠥᠬᠡ ᠳᠤᠰ  ᠲᠦᠷᠢᠮ ᠢ ᠳᠤᠭᠳᠠᠭᠠᠪᠠ᠃     ᠬᠤᠶᠠᠳᠤᠭᠠᠷ ᠵᠤᠷᠪᠤᠰ  ᠳᠤᠰ  ᠳᠦᠷᠢᠮ   ᠳᠠᠬᠢ  ᠤᠯᠢᠮᠫᠢᠺ   ᠤᠨ  ᠪᠡᠯᠭᠡ  ᠲᠡᠮᠳᠡᠭ   ᠤᠨ  ᠬᠠᠮᠠᠭᠠᠯᠠᠯᠳᠠ  ᠭᠡᠳᠡᠭ   ᠨᠢ᠄ ︵ᠨᠢᠭᠡ︶ ᠤᠯᠠᠨ ᠤᠯᠤᠰ ᠤᠨ ᠤᠯᠢᠮᠫᠢᠺ ᠤᠨ ᠵᠦᠪᠯᠡᠯ ᠤᠨ ᠤᠯᠢᠮᠫᠢᠺ ᠤᠨ ᠳᠠᠪᠤᠨ ᠴᠠᠭᠠᠷᠢᠭ ᠤᠨ ᠵᠢᠷᠤᠭ ᠳᠦᠰᠦᠪ ᠤᠨ ᠳᠡᠮᠳᠡᠭ᠂ ᠤᠯᠢᠮᠫᠢᠺ ᠤᠨ ᠳᠤᠭ᠂ ᠤᠯᠢᠮᠫᠢᠺ ᠤᠨ  ᠰᠣᠷᠭᠠᠯ ᠦᠭᠡ᠂ ᠤᠯᠢᠮᠫᠢᠺ ᠤᠨ ᠰᠥᠯᠳᠡ᠂ ᠤᠯᠢᠮᠫᠢᠺ ᠤᠨ ᠳᠠᠭᠤᠤ᠃ ︵ᠬᠤᠶᠠᠷ︶ ᠤᠯᠢᠮᠫᠢᠺ᠂ ᠤᠯᠢᠮᠫᠢᠶ᠎ᠠ᠂ ᠤᠯᠢᠮᠫᠢᠺ ᠤᠨ ᠪᠠᠶ᠎ᠠ ᠶᠢᠨ ᠳᠠᠮᠢᠷ  ᠤᠨ ᠴᠤᠭᠯᠠᠭᠠᠨ ᠵᠢᠴᠢ ᠳᠦᠬᠦᠮᠴᠢᠯᠡᠭᠰᠡᠨ ᠨᠡᠷᠡᠶᠢᠳᠥᠯ ᠵᠡᠷᠭᠡ ᠳᠤᠰᠬᠠᠢ ᠨᠡᠷᠡᠶᠢᠳᠦᠯ᠃ ︵ᠭᠤᠷᠪᠠ︶ ᠳᠤᠮᠳᠠᠳᠤ ᠤᠯᠤᠰ ᠤᠨ ᠤᠯᠢᠮᠫᠢᠺ ᠤᠨ ᠵᠦᠪᠯᠡᠯ ᠤᠨ ᠨᠡᠷᠡᠶᠢᠳᠥᠯ᠂ ᠰᠥᠯᠳᠡ᠂ ᠳᠡᠮᠳᠡᠭ᠃ ︵ᠳᠦᠷᠪᠡ︶ ᠪᠡᠭᠡᠵᠢᠩ ᠤᠨ 2008 ᠤᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠭᠤᠶᠤᠴᠢᠯᠠᠨ ᠡᠷᠬᠢᠯᠡᠬᠦ ᠵᠦᠪᠯᠡᠯ ᠤᠨ ᠨᠡᠷᠡᠶᠢᠳᠥᠯ᠂ ᠰᠥᠯᠳᠡ᠂ ᠳᠡᠮᠳᠡᠭ᠃ ︵ᠳᠠᠪᠤ︶ 29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ  ᠤᠨ ᠴᠤᠭᠯᠠᠭᠠᠨ ᠤ ᠵᠤᠬᠢᠶᠠᠨ ᠪᠠᠶᠢᠭᠤᠯᠬᠤ ᠵᠦᠪᠯᠡᠯ ᠤᠨ ᠨᠡᠷᠡᠶᠢᠳᠥᠯ᠂ ᠰᠥᠯᠳᠡ᠂ 29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ  ᠦᠯᠵᠡᠶᠢᠳᠦ ᠠᠮᠢᠳᠠᠨ᠂ ᠳᠠᠭᠤᠤ᠂ ᠤᠷᠢᠶ᠎ᠠ᠂ ︽ᠪᠡᠭᠡᠵᠢᠩ 2008︾᠂ 29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠵᠢᠴᠢ ᠳᠦᠬᠦᠮᠴᠢᠯᠡᠭᠰᠡᠨ ᠨᠡᠷᠡᠶᠢᠳᠥᠯ ᠵᠡᠷᠭᠡ ᠳᠡᠮᠳᠡᠭ᠃ ︵ᠵᠢᠷᠭᠤᠭ᠎ᠠ︶ ︽ᠤᠯᠢᠮᠫᠢᠺ ᠤᠨ ᠳᠤᠩᠬᠠᠭ︾ ᠪᠤᠯᠤᠨ ︽29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠭᠤᠤᠯᠯᠠᠨ ᠡᠷᠬᠢᠯᠡᠬᠦ ᠬᠤᠳᠠ ᠶᠢᠨ ᠭᠡᠷ᠎ᠡ︾ ᠳᠤ ᠳᠤᠭᠳᠠᠭᠠᠭᠰᠠᠨ ᠪᠤᠰᠤᠳ 29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠬᠤᠯᠪᠤᠭᠳᠠᠯ ᠪᠦᠬᠦᠢ ᠳᠡᠮᠳᠡᠭ᠃     ᠭᠤᠷᠪᠠᠳᠤᠭᠠᠷ ᠵᠤᠷᠪᠤᠰ  ᠳᠤᠰ ᠳᠦᠷᠢᠮ ᠳᠠᠬᠢ  ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠭᠡᠳᠡᠭ ᠨᠢ ᠤᠯᠠᠨ ᠤᠯᠤᠰ ᠤᠨ ᠤᠯᠢᠮᠫᠢᠺ ᠤᠨ ᠵᠦᠪᠯᠡᠯ᠂ ᠳᠤᠮᠳᠠᠳᠤ ᠤᠯᠤᠰ ᠤᠨ ᠤᠯᠢᠮᠫᠢᠺ ᠤᠨ ᠵᠦᠪᠯᠡᠯ ᠪᠤᠯᠤᠨ 29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠵᠤᠬᠢᠶᠠᠨ ᠪᠠᠶᠢᠭᠤᠯᠬᠤ ᠵᠦᠪᠯᠡᠯ ᠢ ᠵᠢᠭᠠᠵᠤ ᠪᠠᠶᠢᠨ᠎ᠠ᠃ ᠤᠯᠠᠨ ᠤᠯᠤᠰ ᠤᠨ ᠤᠯᠢᠮᠫᠢᠺ ᠤᠨ ᠵᠦᠪᠯᠡᠯ᠂ ᠳᠤᠮᠳᠠᠳᠤ ᠤᠯᠤᠰ ᠤᠨ ᠤᠯᠢᠮᠫᠢᠺ  ᠤᠨ ᠵᠦᠪᠯᠡᠯ ᠪᠤᠯᠤᠨ 29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠵᠤᠬᠢᠶᠠᠨ ᠪᠠᠶᠢᠭᠤᠯᠬᠤ ᠵᠦᠪᠯᠡᠯ ᠤᠨ ᠬᠤᠭᠤᠷᠤᠨᠳᠤᠬᠢ ᠡᠷᠬᠡ ᠶᠢ ︽ᠤᠯᠢᠮᠫᠢᠺ ᠤᠨ ᠳᠤᠩᠬᠠᠭ︾ ᠪᠤᠯᠤᠨ ︽29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠭᠤᠤᠯᠯᠠᠨ ᠡᠷᠬᠢᠯᠡᠬᠦ ᠬᠤᠳᠠ ᠶᠢᠨ ᠭᠡᠷ᠎ᠡ︾  ᠪᠠᠷ ᠳᠤᠭᠳᠠᠭᠠᠨ᠎ᠠ᠃     ᠳᠦᠷᠪᠡᠳᠦᠭᠡᠷ ᠵᠤᠷᠪᠤᠰ   ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠨᠢ ᠳᠤᠰ ᠳᠦᠷᠢᠮ ᠢᠶᠠᠷ  ᠤᠯᠢᠮᠫᠢᠺ ᠤᠨ ᠪᠡᠯᠭᠡ ᠲᠡᠮᠳᠡᠭ ᠲᠤ ᠳᠤᠰᠬᠠᠶᠢᠵᠢᠭᠰᠠᠨ ᠡᠷᠭᠡ ᠲᠠᠢ᠃  ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠤ ᠵᠦᠪᠰᠢᠶᠡᠷᠡᠯ ᠦᠭᠡᠢ ᠪᠠᠷ ᠶᠠᠮᠠᠷᠪᠠ ᠠᠷᠠᠯᠵᠢᠶᠠᠨ ᠤ ᠵᠤᠷᠢᠯᠭ᠎ᠠ ︵ᠳᠠᠯᠳᠠ ᠠᠷᠠᠯᠵᠢᠶᠠᠨ ᠤ ᠵᠤᠷᠢᠯᠭ᠎ᠠ ᠶᠢ ᠪᠠᠭᠳᠠᠭᠠᠨ᠎ᠠ᠂ ᠳᠤᠷᠤᠭᠰᠢ ᠠᠳᠠᠯᠢ︶ ᠪᠠᠷ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠵᠦ ᠪᠤᠯᠬᠤ ᠦᠭᠡᠢ᠃     ᠳᠠᠪᠤᠳᠤᠭᠠᠷ ᠵᠤᠷᠪᠤᠰ  ᠳᠤᠰ ᠳᠦᠷᠢᠮ ᠳᠠᠬᠢ ᠠᠷᠠᠯᠵᠢᠶᠠᠨ ᠤ ᠵᠤᠷᠢᠯᠭ᠎ᠠ ᠲᠠᠢ ᠭᠡᠷᠡᠭᠯᠡᠬᠦ ᠭᠡᠳᠡᠭ ᠨᠢ ᠠᠰᠢᠭ ᠤᠷᠤᠯᠭ᠎ᠠ ᠪᠠᠷ ᠵᠤᠷᠢᠯᠭ᠎ᠠ ᠪᠤᠯᠭᠠᠵᠤ᠂ ᠳᠤᠤᠷᠡᠬᠢ ᠮᠡᠲᠦ ᠪᠠᠷ  ᠤᠯᠢᠮᠫᠢᠺ ᠤᠨ ᠪᠡᠯᠭᠡ ᠲᠡᠮᠳᠡᠭ ᠢ ᠠᠰᠢᠭᠯᠠᠬᠤ ᠶᠢ ᠵᠢᠭᠠᠵᠤ ᠪᠤᠢ᠄ ︵ᠨᠢᠭᠡ︶  ᠤᠯᠢᠮᠫᠢᠺ ᠤᠨ ᠪᠡᠯᠭᠡ ᠲᠡᠮᠳᠡᠭ ᠢ ᠪᠦᠳᠦᠭᠡᠭᠳᠡᠬᠦᠨ᠂ ᠪᠦᠳᠦᠭᠡᠭᠳᠡᠬᠦᠨ ᠤ ᠪᠤᠭᠤᠳᠠᠯ ᠪᠤᠶᠤ ᠰᠠᠪᠠ ᠵᠢᠴᠢ ᠪᠦᠳᠦᠭᠡᠭᠳᠡᠬᠦᠨ ᠤ ᠠᠷᠠᠯᠵᠢᠶᠠᠨ ᠤ ᠪᠢᠴᠢᠭ ᠮᠠᠲ᠋ᠧᠷᠢᠶᠠᠯ ᠳᠤ ᠭᠡᠷᠡᠭᠯᠡᠬᠦ᠃ ︵ᠬᠤᠶᠠᠷ︶  ᠤᠯᠢᠮᠫᠢᠺ ᠤᠨ ᠪᠡᠯᠭᠡ ᠲᠡᠮᠳᠡᠭ ᠢ ᠦᠢᠯᠡᠴᠢᠯᠡᠬᠡᠨ ᠤ ᠳᠥᠷᠥᠯ ᠵᠦᠢᠯ ᠳᠤ ᠭᠡᠷᠡᠭᠯᠡᠬᠦ᠃ ︵ᠭᠤᠷᠪᠠ︶  ᠤᠯᠢᠮᠫᠢᠺ ᠤᠨ ᠪᠡᠯᠭᠡ ᠲᠡᠮᠳᠡᠭ ᠢ ᠵᠠᠷ ᠰᠤᠷᠳᠠᠯᠴᠢᠯᠠᠭ᠎ᠠ᠂ ᠪᠦᠳᠦᠭᠡᠭᠳᠡᠬᠦᠨ ᠤ ᠦᠵᠡᠰᠬᠦᠯᠡᠩ᠂ ᠡᠵᠡᠩᠨᠡᠯᠳᠡ ᠶᠢᠨ ᠴᠢᠨᠡᠷᠳᠡᠢ ᠳᠤᠭᠯᠠᠯᠳᠠ ᠵᠢᠴᠢ ᠪᠤᠰᠤᠳ ᠠᠷᠠᠯᠵᠢᠶᠠᠨ ᠤ ᠬᠦᠳᠡᠯᠭᠡᠭᠡᠨ ᠳᠤ ᠭᠡᠷᠡᠭᠯᠡᠬᠦ᠃ ︵ᠳᠦᠷᠪᠡ︶  ᠤᠯᠢᠮᠫᠢᠺ ᠤᠨ ᠪᠡᠯᠭᠡ ᠲᠡᠮᠳᠡᠭ ᠲᠠᠢ ᠪᠦᠳᠦᠭᠡᠭᠳᠡᠬᠦᠨ ᠢ ᠪᠤᠷᠤᠯᠠᠭᠤᠯᠬᠤ᠂ ᠭᠠᠳᠠᠭᠠᠳᠤ ᠠᠴᠠ ᠤᠷᠤᠭᠤᠯᠬᠤ᠂ ᠭᠠᠳᠠᠭᠠᠳᠤ ᠳᠤ ᠭᠠᠷᠭᠠᠬᠤ᠃ ︵ᠳᠠᠪᠤ︶  ᠤᠯᠢᠮᠫᠢᠺ ᠤᠨ ᠪᠡᠯᠭᠡ ᠲᠡᠮᠳᠡᠭ ᠢ ᠦᠢᠯᠡᠳᠪᠦᠷᠢᠯᠡᠬᠦ ᠪᠤᠶᠤ ᠪᠤᠷᠤᠯᠠᠭᠤᠯᠬᠤ᠃ ︵ᠵᠢᠷᠭᠤᠭ᠎ᠠ︶  ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ   ᠲᠠᠢ  ᠲᠡᠮᠵᠢᠯᠭᠡ ᠶᠢᠨ ᠪᠤᠶᠤ ᠪᠤᠰᠤᠳ ᠲᠠᠮᠵᠢᠬᠦ ᠬᠠᠷᠢᠯᠴᠠᠭ᠎ᠠ ᠲᠠᠢ ᠭᠡᠵᠤ ᠬᠠᠷᠠᠭᠳᠠᠭᠤᠯᠬᠤ ᠵᠤᠷᠢᠯᠭ᠎ᠠ ᠠᠴᠠ ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠬᠦ ᠪᠤᠰᠤᠳ ᠠᠵᠢᠯᠯᠠᠭ᠎ᠠ᠃     ᠵᠢᠷᠭᠤᠳᠤᠭᠠᠷ ᠵᠤᠷᠪᠤᠰ  ᠳᠦᠷᠦ ᠶᠢᠨ ᠶᠠᠪᠤᠳᠠᠯ ᠤᠨ ᠬᠤᠷᠢᠶᠠᠨ ᠤ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠳᠤᠰ ᠳᠦᠷᠢᠮ ᠤᠨ ᠳᠤᠭᠳᠠᠭᠠᠯ ᠢ ᠦᠨᠳᠦᠰᠦᠯᠡᠨ ᠪᠦᠬᠦ ᠤᠯᠤᠰ ᠤᠨ  ᠤᠯᠢᠮᠫᠢᠺ ᠤᠨ ᠪᠡᠯᠭᠡ ᠲᠡᠮᠳᠡᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠰᠢᠶᠠᠨ ᠤ ᠳᠠᠰ  ᠠᠴᠠ ᠳᠡᠭᠡᠭᠰᠢᠬᠢ ᠭᠠᠵᠠᠷ ᠤᠨ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ  ᠳᠤᠰ ᠳᠦᠷᠢᠮ ᠤᠨ ᠳᠤᠭᠳᠠᠭᠠᠯ ᠢ ᠦᠨᠳᠦᠰᠦᠯᠡᠨ᠂ ᠳᠤᠬᠠᠢ ᠶᠢᠨ ᠵᠠᠰᠠᠭ ᠵᠠᠬᠢᠷᠭᠠᠨ ᠤ  ᠤᠷᠤᠨ ᠨᠤᠳᠤᠭ ᠲᠠᠬᠢ  ᠤᠯᠢᠮᠫᠢᠺ ᠤᠨ ᠪᠡᠯᠭᠡ ᠲᠡᠮᠳᠡᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃     ᠳᠤᠯᠤᠳᠤᠭᠠᠷ ᠵᠤᠷᠪᠤᠰ   ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠨᠢ  ᠤᠯᠢᠮᠫᠢᠺ  ᠤᠨ ᠪᠡᠯᠭᠡ ᠲᠡᠮᠳᠡᠭ ᠢᠶᠠᠨ ᠳᠦᠷᠦ ᠶᠢᠨ ᠶᠠᠪᠤᠳᠠᠯ ᠤᠨ ᠬᠤᠷᠢᠶᠠᠨ ᠤ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ   ᠲᠤ ᠮᠡᠳᠡᠬᠦᠯᠤᠨ ᠳᠠᠩᠰᠠᠯᠠᠵᠤ᠂ ᠳᠦᠷᠦ ᠶᠢᠨ ᠶᠠᠪᠤᠳᠠᠯ ᠤᠨ ᠬᠤᠷᠢᠶᠠᠨ ᠤ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ  ᠢᠶᠠᠷ  ᠵᠠᠷᠯᠠᠭᠤᠯᠬᠤ ᠬᠡᠷᠡᠭᠳᠡᠢ᠃     ᠨᠠᠢᠮᠠᠳᠤᠭᠠᠷ ᠵᠤᠷᠪᠤᠰ   ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠤ ᠵᠦᠪᠰᠢᠶᠡᠷᠡᠯ ᠢ ᠤᠯᠵᠤ ᠠᠷᠠᠯᠵᠢᠶᠠᠨ ᠤ ᠵᠤᠷᠢᠯᠭ᠎ᠠ ᠪᠠᠷ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠭᠴᠢ ᠨᠢ  ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠲᠠᠢ ᠭᠡᠷᠡᠭᠯᠡᠬᠦ ᠭᠡᠷ᠎ᠡ ᠳᠤᠭᠳᠠᠬᠤ ᠶᠤᠰᠤᠳᠠᠢ᠃ ᠡᠬᠦᠨ ᠳᠤ᠂ ᠳᠤᠰ ᠳᠦᠷᠢᠮ ᠤᠨ ᠬᠤᠶᠠᠳᠤᠭᠠᠷ ᠵᠤᠷᠪᠤᠰ ᠤᠨ ᠨᠢᠭᠡᠳᠦᠭᠡᠷ ᠵᠦᠢᠯ᠂ ᠬᠤᠶᠠᠳᠤᠭᠠᠷ ᠵᠦᠢᠯ ᠳᠤ ᠳᠤᠭᠳᠠᠭᠠᠭᠰᠠᠨ ᠢᠶᠠᠷ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠭᠴᠢ ᠨᠢ ᠤᠯᠠᠨ ᠤᠯᠤᠰ ᠤᠨ ᠤᠯᠢᠮᠫᠢᠺ ᠤᠨ ᠵᠦᠪᠯᠡᠯ ᠵᠢᠴᠢ ᠡᠷᠬᠡ ᠤᠯᠭᠤᠭᠰᠠᠨ ᠪᠤᠶᠤ ᠵᠦᠪᠰᠢᠶᠡᠷᠡᠭᠰᠡᠨ ᠪᠠᠶᠢᠭᠤᠯᠤᠯᠭ᠎ᠠ ᠲᠠᠢ ᠭᠡᠷ᠎ᠡ ᠳᠤᠭᠳᠠᠬᠤ ᠶᠤᠰᠤᠳᠠᠢ᠃ ᠳᠤᠰ ᠳᠦᠷᠢᠮ ᠤᠨ ᠬᠤᠶᠠᠳᠤᠭᠠᠷ ᠵᠤᠷᠪᠤᠰ ᠤᠨ ᠭᠤᠷᠪᠠᠳᠤᠭᠠᠷ ᠵᠦᠢᠯ ᠳᠤ ᠳᠤᠭᠳᠠᠭᠠᠭᠰᠠᠨ ᠢᠶᠠᠷ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠭᠴᠢ ᠨᠢ ᠳᠤᠮᠳᠠᠳᠤ ᠤᠯᠤᠰ ᠤᠨ ᠤᠯᠢᠮᠫᠢᠺ ᠤᠨ ᠵᠦᠪᠯᠡᠯ ᠲᠠᠢ ᠭᠡᠷ᠎ᠡ ᠳᠤᠭᠳᠠᠬᠤ ᠶᠤᠰᠤᠳᠠᠢ᠃ ᠳᠤᠰ ᠳᠦᠷᠢᠮ ᠤᠨ ᠬᠤᠶᠠᠳᠤᠭᠠᠷ ᠵᠤᠷᠪᠤᠰ ᠤᠨ ᠳᠦᠷᠪᠡᠳᠦᠭᠡᠷ ᠵᠦᠢᠯ᠂ ᠳᠠᠪᠤᠳᠤᠭᠠᠷ ᠵᠦᠢᠯ᠂ ᠵᠢᠷᠭᠤᠳᠤᠭᠠᠷ ᠵᠦᠢᠯ ᠳᠤ ᠳᠤᠭᠳᠠᠭᠠᠭᠰᠠᠨ ᠢᠶᠠᠷ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠭᠴᠢ ᠨᠢ 2008 ᠤᠨ ᠤ 12 ᠰᠠᠷ᠎ᠠ ᠶᠢᠨ 31  ᠤ ᠡᠳᠦᠷ ᠠᠴᠠ ᠡᠮᠦᠨ᠎ᠡ 29 ᠳ᠋ᠤᠭᠡᠷ ᠬᠤᠭᠤᠴᠠᠭᠠᠨ ᠤ ᠤᠯᠢᠮᠫᠢᠺ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠵᠦᠪᠯᠡᠯ ᠲᠠᠢ ᠭᠡᠷ᠎ᠡ ᠳᠤᠭᠳᠠᠬᠤ ᠶᠤᠰᠤᠳᠠᠢ᠃  ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠨᠢ ᠭᠡᠷᠡᠭᠯᠡᠬᠦ ᠶᠢ ᠵᠦᠪᠰᠢᠶᠡᠷᠡᠭᠰᠡᠨ ᠭᠡᠷ᠎ᠡ ᠪᠠᠨ ᠳᠦᠷᠦ ᠶᠢᠨ ᠶᠠᠪᠤᠳᠠᠯ ᠤᠨ ᠬᠤᠷᠢᠶᠠᠨ ᠤ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ   ᠲᠤ ᠮᠡᠳᠡᠬᠦᠯᠤᠨ ᠳᠠᠩᠰᠠᠯᠠᠬᠤ ᠶᠤᠰᠤᠳᠠᠢ᠃ ᠡᠮᠦᠨᠡᠬᠢ ᠵᠤᠷᠪᠤᠰ ᠲᠤ ᠳᠤᠭᠳᠠᠭᠠᠭᠰᠠᠨ ᠢ ᠦᠨᠳᠦᠰᠦᠯᠡᠨ ᠵᠦᠪᠰᠢᠶᠡᠷᠡᠭᠰᠡᠨ ᠭᠡᠷ᠎ᠡ ᠶᠢ ᠭᠡᠷᠡᠭᠯᠡᠬᠦ ᠳᠤ ᠵᠦᠪᠰᠢᠶᠡᠷᠡᠭᠳᠡᠭᠰᠡᠨ ᠬᠦᠮᠦᠨ ᠨᠢ ᠵᠦᠪᠬᠡᠨ ᠭᠡᠷ᠎ᠡ ᠳᠤ ᠳᠤᠭᠳᠠᠭᠠᠭᠰᠠᠨ ᠭᠠᠵᠠᠷ ᠤᠷᠤᠨ ᠤ ᠬᠡᠪᠴᠢᠶ᠎ᠡ ᠪᠠ ᠬᠤᠭᠤᠴᠠᠭᠠᠨ ᠳᠤᠳᠤᠷ᠎ᠡ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠨ᠎ᠡ᠃     ᠶᠢᠰᠦᠳᠦᠬᠡᠷ ᠵᠤᠷᠪᠤᠰ  ᠳᠤᠰ ᠳᠦᠷᠢᠮ ᠢ ᠭᠡᠷᠡᠭᠵᠢᠬᠦᠯᠬᠦ ᠠᠴᠠ ᠡᠮᠦᠨ᠎ᠡ ᠨᠢᠭᠡᠨᠳᠡ ᠬᠠᠤᠯᠢ ᠪᠠᠷ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠭᠰᠡᠨ ᠨᠢ ᠤᠭ ᠤᠨ ᠬᠦᠷᠢᠶ᠎ᠡ ᠬᠡᠪᠴᠢᠶᠡᠨ ᠳᠡᠭᠡᠨ ᠦᠷᠬᠦᠯᠵᠢᠯᠡᠨ ᠭᠡᠷᠡᠭᠯᠡᠵᠦ ᠪᠤᠯᠤᠨ᠎ᠠ᠃     ᠠᠷᠪᠠᠳᠤᠭᠠᠷ ᠵᠤᠷᠪᠤᠰ   ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠤ ᠵᠦᠪᠰᠢᠶᠡᠷᠡᠯ ᠦᠭᠡᠢ ᠪᠠᠷ ᠠᠷᠠᠯᠵᠢᠶᠠᠨ ᠤ ᠵᠤᠷᠢᠯᠭ᠎ᠠ ᠪᠠᠷ ᠳᠤᠷ᠎ᠡ ᠪᠠᠷ ᠢᠶᠠᠨ  ᠤᠯᠢᠮᠫᠢᠺ ᠤᠨ ᠪᠡᠯᠭᠡ ᠲᠡᠮᠳᠡᠭ ᠢ ᠭᠡᠷᠡᠭᠯᠡᠪᠡᠯ᠂ ᠳᠠᠷᠤᠢ  ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡ ᠳᠤ ᠬᠠᠯᠳᠠᠵᠤ᠂ ᠵᠢᠭᠤᠷᠭᠠᠨ ᠡᠬᠦᠰᠭᠡᠭᠰᠡᠨ ᠪᠤᠯ ᠳᠤᠬᠠᠢ ᠶᠢᠨ ᠬᠦᠮᠦᠨ ᠲᠠᠢ ᠵᠦᠪᠯᠡᠨ ᠰᠢᠢᠳᠪᠦᠷᠢᠯᠡᠨ᠎ᠡ᠃ ᠵᠦᠪᠯᠡᠬᠦ ᠳᠤᠷ᠎ᠡ ᠦᠭᠡᠢ ᠪᠤᠶᠤ ᠵᠦᠪᠯᠡᠯᠬᠡ ᠪᠦᠳᠦᠭᠰᠡᠨ ᠦᠭᠡᠢ ᠪᠤᠯ᠂  ᠤᠯᠢᠮᠫᠢᠺ ᠤᠨ ᠪᠡᠯᠭᠡ ᠲᠡᠮᠳᠡᠭ ᠤᠨ ᠡᠷᠬᠡ ᠠᠰᠢᠭ ᠤᠨ ᠬᠦᠮᠦᠨ ᠪᠤᠶᠤ  ᠠᠰᠢᠭ ᠬᠤᠬᠢᠷᠠᠯ ᠤᠨ ᠬᠠᠷᠢᠴᠠᠭ᠎ᠠ ᠲᠠᠢ ᠬᠦᠮᠦᠨ ᠠᠴᠠ ᠠᠷᠠᠳ ᠤᠨ ᠰᠢᠬᠦᠬᠦ ᠬᠤᠷᠢᠶᠠᠨ ᠳᠤ ᠵᠠᠷᠭᠤ  ᠲᠡᠪᠰᠢᠭᠦᠯᠵᠦ ᠪᠤᠯᠤᠨ᠎ᠠ᠂ ᠪᠠᠰᠠ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠰᠢᠢᠳᠪᠦᠷᠢᠯᠡᠬᠦ ᠶᠢ ᠭᠤᠶᠤᠴᠢᠯᠠᠵᠤ ᠪᠤᠯᠤᠨ᠎ᠠ᠃  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠰᠢᠢᠳᠪᠦᠷᠢᠯᠡᠬᠦ ᠦᠶ᠎ᠡ ᠳᠤ᠂ ᠡᠷᠬᠡᠨ ᠳᠤ ᠬᠠᠯᠳᠠᠭᠰᠠᠨ ᠠᠵᠢᠯᠯᠠᠭ᠎ᠠ ᠨᠢ ᠪᠡᠶᠡᠯᠡᠭᠳᠡᠨ᠎ᠡ ᠭᠡᠵᠤ ᠦᠵᠡᠪᠡᠯ᠂ ᠳᠠᠷᠤᠢ ᠳᠤ ᠨᠢ ᠡᠷᠬᠡᠨ ᠳᠤ ᠬᠠᠯᠳᠠᠬᠤ ᠠᠵᠢᠯᠯᠠᠭ᠎ᠠ ᠶᠢ ᠵᠤᠭᠰᠤᠭᠠᠬᠤ ᠶᠢ ᠵᠠᠷᠯᠢᠭᠳᠠᠵᠤ᠂ ᠡᠷᠬᠡᠨ ᠳᠤ ᠬᠠᠯᠳᠠᠭᠰᠠᠨ ᠪᠦᠳᠦᠭᠡᠭᠳᠡᠬᠦᠨ ᠪᠠ ᠳᠤᠰᠬᠠᠶᠢᠯᠠᠨ ᠡᠷᠬᠡᠨ ᠳᠤ ᠬᠠᠯᠳᠠᠭᠰᠠᠨ ᠪᠦᠳᠦᠭᠡᠭᠳᠡᠬᠦᠨ ᠪᠤᠶᠤ ᠠᠷᠠᠯᠵᠢᠶᠠᠨ ᠤ ᠵᠤᠷᠢᠯᠭ᠎ᠠ ᠲᠠᠢ ᠪᠠᠷ ᠳᠤᠷ᠎ᠡ ᠪᠠᠷ ᠢᠶᠠᠨ  ᠤᠯᠢᠮᠫᠢᠺ ᠤᠨ ᠪᠡᠯᠭᠡ ᠲᠡᠮᠳᠡᠭ ᠢ ᠦᠢᠯᠡᠳᠪᠦᠷᠢᠯᠡᠬᠦ ᠪᠠᠭᠠᠵᠢ ᠶᠢ ᠬᠤᠷᠢᠶᠠᠵᠤ᠂ ᠤᠰᠠᠳᠬᠠᠨ᠎ᠠ᠂  ᠬᠠᠦᠯᠢ ᠵᠦᠷᠢᠴᠡᠭᠰᠡᠨ ᠤᠷᠤᠯᠭ᠎ᠠ ᠪᠠᠶᠢᠪᠠᠯ  ᠬᠠᠦᠯᠢ ᠵᠦᠷᠢᠴᠡᠭᠰᠡᠨ ᠤᠷᠤᠯᠭ᠎ᠠ ᠢ ᠬᠤᠷᠢᠶᠠᠬᠤ ᠪᠦᠭᠡᠳ  ᠬᠠᠦᠯᠢ ᠵᠦᠷᠢᠴᠡᠭᠰᠡᠨ ᠤᠷᠤᠯᠭ᠎ᠠ ᠤᠨ 5 ᠳᠠᠬᠢᠨ ᠮᠥᠩᠭᠦ ᠪᠠᠷ  ᠲᠤᠷᠭᠠᠵᠦ ᠪᠤᠯᠤᠨ᠎ᠠ᠃  ᠬᠠᠦᠯᠢ ᠵᠦᠷᠢᠴᠡᠭᠰᠡᠨ ᠤᠷᠤᠯᠭ᠎ᠠ ᠪᠠᠶᠢᠬᠤ ᠦᠭᠡᠢ ᠪᠤᠯ 5 ᠳᠦᠮᠡ ᠠᠴᠠ ᠳᠤᠭᠤᠭᠰᠢᠬᠢ ᠮᠥᠩᠭᠦ ᠪᠠᠷ  ᠲᠤᠷᠭᠠᠵᠦ ᠪᠤᠯᠤᠨ᠎ᠠ᠃ ᠳᠤᠬᠠᠢ ᠶᠢᠨ ᠬᠦᠮᠦᠨ ᠰᠢᠢᠳᠪᠦᠷᠢᠯᠡᠭᠰᠡᠨ ᠰᠢᠢᠳᠪᠦᠷᠢ ᠶᠢ  ᠵᠦᠪᠰᠢᠶᠡᠷᠡᠬᠦ ᠦᠭᠡᠢ ᠪᠤᠯ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ  ᠵᠠᠷᠭᠤ ᠶᠢᠨ ᠬᠠᠦᠯᠢ︾ ᠶᠢ ᠦᠨᠳᠦᠰᠦᠯᠡᠨ᠂ ᠮᠡᠳᠡᠭᠳᠡᠯ ᠢ ᠤᠯᠤᠭᠰᠠᠨ ᠡᠳᠦᠷ ᠠᠴᠠ ᠡᠬᠢᠯᠡᠨ 15 ᠡᠳᠦᠷ ᠤᠨ ᠳᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠷᠭᠤᠯᠳᠤᠵᠤ ᠪᠤᠯᠤᠨ᠎ᠠ᠃ ᠡᠷᠬᠡᠨ ᠳᠤ ᠬᠠᠯᠳᠠᠭᠰᠠᠨ ᠬᠦᠮᠦᠨ ᠵᠠᠷᠭᠤᠯᠳᠤᠬᠤ ᠦᠭᠡᠢ ᠪᠦᠭᠡᠳ ᠪᠡᠶᠡᠯᠡᠬᠦᠯᠬᠦ ᠦᠭᠡᠢ ᠪᠤᠯ᠂  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠠᠷᠠᠳ ᠤᠨ ᠰᠢᠬᠦᠬᠦ ᠬᠤᠷᠢᠶᠠᠨ ᠳᠤ ᠠᠯᠪᠠᠳᠠᠯᠭ᠎ᠠ ᠪᠠᠷ ᠭᠡᠷᠡᠭᠵᠢᠬᠦᠯᠬᠦ ᠶᠢ ᠡᠷᠡᠮᠡᠯᠵᠡᠵᠦ ᠪᠤᠯᠤᠨ᠎ᠠ᠃ ᠰᠢᠢᠳᠪᠦᠷᠢᠯᠡᠵᠦ ᠪᠠᠶᠢᠬᠤ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ  ᠶᠢᠨ ᠰᠠᠯᠠᠭ᠎ᠠ ᠮᠦᠴᠢᠷ ᠨᠢ ᠳᠤᠬᠠᠢ ᠶᠢᠨ ᠬᠦᠮᠦᠨ ᠤ ᠭᠤᠶᠤᠴᠢᠯᠠᠭ᠎ᠠ ᠪᠠᠷ᠂  ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡᠨ ᠳᠤ ᠬᠠᠯᠳᠠᠭᠰᠠᠨ ᠳᠥᠯᠥᠪᠦᠷᠢ ᠶᠢᠨ ᠮᠥᠩᠭᠦ ᠶᠢ ᠵᠤᠬᠢᠴᠠᠭᠤᠯᠵᠤ ᠪᠤᠯᠤᠨ᠎ᠠ᠃ ᠵᠤᠬᠢᠴᠠᠭᠤᠯᠬᠤ ᠪᠦᠳᠦᠭᠰᠡᠨ ᠦᠭᠡᠢ ᠪᠤᠯ᠂ ᠳᠤᠬᠠᠢ ᠶᠢᠨ ᠬᠦᠮᠦᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠡᠷᠡᠭ ᠤᠨ  ᠵᠠᠷᠭᠤ ᠶᠢᠨ ᠬᠠᠦᠯᠢ︾ ᠶᠢ ᠦᠨᠳᠦᠰᠦᠯᠡᠨ ᠠᠷᠠᠳ ᠤᠨ ᠰᠢᠬᠦᠬᠦ ᠬᠤᠷᠢᠶᠠᠨ ᠳᠤ ᠵᠠᠷᠭᠤᠯᠳᠤᠵᠤ ᠪᠤᠯᠤᠨ᠎ᠠ᠃  ᠤᠯᠢᠮᠫᠢᠺ ᠤᠨ ᠪᠡᠯᠭᠡ ᠲᠡᠮᠳᠡᠭ ᠢ ᠠᠰᠢᠭᠯᠠᠨ ᠬᠠᠭᠤᠷᠴᠦ ᠮᠡᠬᠡᠯᠡᠬᠦ ᠵᠡᠷᠭᠡ ᠬᠦᠳᠡᠯᠭᠡᠭᠡᠨ ᠶᠠᠪᠤᠭᠳᠠᠭᠤᠯᠵᠤ᠂ ᠡᠷᠡᠬᠦᠦ ᠶᠢᠨ ᠬᠠᠤᠯᠢ ᠶᠢ ᠵᠦᠷᠢᠴᠡᠭᠰᠡᠨ  ᠪᠤᠯ ᠡᠷᠡᠬᠦᠦ ᠶᠢᠨ ᠬᠠᠤᠯᠢ ᠶᠢᠨ ᠮᠡᠬᠡᠯᠡᠨ ᠬᠠᠭᠤᠷᠤᠭᠰᠠᠨ ᠶᠠᠯ᠎ᠠ ᠪᠤᠶᠤ ᠪᠤᠰᠤᠳ ᠶᠠᠯ᠎ᠠ ᠶᠢ ᠦᠨᠳᠦᠰᠦᠯᠡᠨ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃     ᠠᠷᠪᠠᠨ ᠨᠢᠭᠡᠳᠦᠭᠡᠷ ᠵᠤᠷᠪᠤᠰ   ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡᠨ ᠳᠤ ᠬᠠᠯᠳᠠᠭᠰᠠᠨ ᠠᠵᠢᠯᠯᠠᠭ᠎ᠠ ᠶᠢ  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ  ᠠᠴᠠ ᠬᠠᠤᠯᠢ ᠶᠤᠰᠤᠭᠠᠷ ᠪᠠᠶᠢᠴᠠᠭᠠᠨ  ᠰᠢᠢᠳᠭᠡᠬᠦ ᠡᠷᠭᠡ ᠲᠠᠢ᠃  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠨᠢᠭᠡᠨᠳᠡ ᠤᠯᠳᠠᠭᠰᠠᠨ ᠬᠠᠤᠯᠢ ᠵᠦᠷᠢᠴᠡᠭᠰᠡᠨ ᠰᠡᠵᠢᠭ ᠤᠨ ᠭᠡᠷᠡᠴᠢ ᠪᠤᠶᠤ ᠢᠯᠡᠴᠢᠯᠡᠨ ᠮᠡᠳᠡᠬᠦᠯᠥᠯᠳᠡ ᠶᠢ ᠦᠨᠳᠦᠰᠦᠯᠡᠨ᠂  ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡᠨ ᠳᠤ ᠬᠠᠯᠳᠠᠭᠰᠠᠨ ᠰᠡᠵᠢᠭᠳᠡᠨ ᠢ ᠪᠠᠶᠢᠴᠠᠭᠠᠨ  ᠰᠢᠢᠳᠭᠡᠬᠦ ᠦᠶ᠎ᠡ ᠳᠤ ᠳᠤᠤᠷᠡᠬᠢ ᠠᠵᠢᠯ ᠤᠨ ᠡᠷᠬᠡ ᠶᠢ ᠭᠡᠷᠡᠭᠯᠡᠵᠦ ᠪᠤᠯᠤᠨ᠎ᠠ᠄ ︵ᠨᠢᠭᠡ︶ ᠬᠠᠮᠢᠶ᠎ᠠ ᠪᠦᠬᠦᠢ ᠳᠤᠬᠠᠢ ᠶᠢᠨ ᠬᠦᠮᠦᠨ ᠠᠴᠠ ᠠᠰᠠᠭᠤᠵᠤ᠂  ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡᠨ ᠳᠤ ᠬᠠᠯᠳᠠᠭᠰᠠᠨ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ᠎ᠠ᠃ ︵ᠬᠤᠶᠠᠷ︶ ᠡᠷᠬᠡᠨ ᠳᠤ ᠬᠠᠯᠳᠠᠭᠰᠠᠨ ᠬᠦᠳᠡᠯᠭᠡᠭᠡᠨ ᠲᠠᠢ ᠬᠠᠮᠢᠶ᠎ᠠ ᠪᠦᠬᠦᠢ ᠭᠡᠷ᠎ᠡ᠂ ᠪᠠᠷᠢᠮᠳᠠ᠂ ᠳᠠᠩᠰᠠ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢ ᠤᠩᠰᠢᠵᠤ᠂ ᠬᠠᠭᠤᠯᠪᠤᠷᠢ ᠶᠢ ᠠᠪᠤᠨ᠎ᠠ᠃ ︵ᠭᠤᠷᠪᠠ︶ ᠳᠤᠬᠠᠢ ᠶᠢᠨ ᠬᠦᠮᠦᠨ ᠤ  ᠤᠯᠢᠮᠫᠢᠺ  ᠤᠨ ᠪᠡᠯᠭᠡ ᠲᠡᠮᠳᠡᠭ ᠤᠨ ᠳᠤᠰᠬᠠᠢ ᠡᠷᠭᠡᠨ ᠳᠤ ᠬᠠᠯᠳᠠᠭᠰᠠᠨ ᠰᠡᠵᠢᠭ ᠲᠠᠢ ᠬᠦᠳᠡᠯᠭᠡᠭᠡᠨ   ᠤ ᠳᠠᠯᠠᠪᠤᠷ ᠲᠤ ᠳᠤᠬᠠᠢ  ᠶᠢᠨ  ᠲᠠᠯᠠᠪᠤᠷ   ᠤᠨ ᠪᠠᠶᠢᠴᠠᠭᠠᠯᠳᠠ ᠬᠢᠨ᠎ᠡ᠃ ︵ᠳᠦᠷᠪᠡ︶ ᠡᠷᠬᠡᠨ ᠳᠤ ᠬᠠᠯᠳᠠᠭᠰᠠᠨ ᠬᠦᠳᠡᠯᠬᠡᠬᠡᠨ ᠤ ᠬᠠᠮᠢᠶ᠎ᠠ ᠪᠦᠬᠦᠢ ᠪᠤᠳᠠᠰ ᠢ ᠪᠠᠶᠢᠴᠠᠭᠠᠨ᠎ᠠ᠃  ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡᠨ ᠳᠤ ᠬᠠᠯᠳᠠᠭᠰᠠᠨ ᠭᠡᠷᠡᠴᠢ  ᠲᠠᠢ ᠪᠤᠳᠠᠰ ᠢ ᠪᠢᠳᠡᠬᠦᠮᠵᠢᠯᠡᠬᠦ ᠪᠤᠶᠤ  ᠪᠠᠷᠢᠴᠠᠭᠠᠯᠠᠨ᠎ᠠ᠃  ᠠᠵᠦ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ  ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠡᠮᠦᠨᠡᠬᠢ ᠵᠤᠷᠪᠤᠰ ᠲᠠᠬᠢ ᠠᠵᠢᠯ ᠤᠨ ᠡᠷᠬᠡ ᠪᠠᠨ ᠭᠡᠷᠡᠭᠵᠢᠬᠦᠯᠬᠦ ᠦᠶᠡᠰ ᠳᠤᠬᠠᠢ ᠶᠢᠨ ᠬᠦᠮᠦᠨ ᠬᠠᠪᠰᠤᠷᠴᠤ  ᠬᠠᠮᠵᠢᠯᠴᠠᠨ᠂  ᠲᠡᠪᠴᠢᠬᠦ ᠪᠤᠶᠤ  ᠰᠠᠭᠠᠳ ᠬᠢᠵᠦ ᠪᠤᠯᠬᠤ ᠦᠭᠡᠢ᠃     ᠠᠷᠪᠠᠨ ᠬᠤᠶᠠᠳᠤᠭᠠᠷ ᠵᠤᠷᠪᠤᠰ  ᠭᠠᠳᠠᠭᠠᠳᠤ ᠳᠤ ᠭᠠᠷᠭᠠᠬᠤ ᠪᠤᠶᠤ ᠭᠠᠳᠠᠭᠠᠳᠤ ᠠᠴᠠ ᠤᠷᠤᠭᠤᠯᠬᠤ ᠪᠠᠷᠠᠭ᠎ᠠ  ᠤᠯᠢᠮᠫᠢᠺ ᠤᠨ ᠪᠡᠯᠭᠡ  ᠲᠡᠮᠳᠡᠭ   ᠤᠨ  ᠳᠤᠰᠬᠠᠢ  ᠡᠷᠬᠡ   ᠳᠤ  ᠬᠠᠯᠳᠠᠭᠰᠠᠨ ᠰᠡᠵᠢᠭ ᠲᠠᠢ ᠪᠠᠶᠢᠪᠠᠯ᠂  ᠪᠤᠭᠤᠮᠳᠠ  ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠤᠭᠤᠮᠳᠠ ᠶᠢᠨ ᠬᠠᠤᠯᠢ︾ ᠪᠤᠯᠤᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  ᠮᠡᠳᠡᠯᠭᠡ ᠶᠢᠨ ᠦᠮᠴᠢᠯᠡᠯ ᠤᠨ ᠡᠷᠭᠡ ᠶᠢ ᠬᠠᠮᠠᠭᠠᠯᠠᠬᠤ ᠪᠤᠭᠤᠮᠳᠠ  ᠶᠢᠨ ᠳᠦᠷᠢᠮ︾ ᠳᠤ ᠳᠤᠭᠳᠠᠭᠠᠭᠰᠠᠨ ᠡᠷᠬᠡ ᠪᠠ ᠶᠠᠪᠤᠴᠠ ᠪᠠᠷ ᠯᠠᠪᠯᠠᠯᠳᠠ ᠪᠤᠯᠭᠠᠨ  ᠪᠠᠶᠢᠴᠠᠭᠠᠨ ᠰᠢᠢᠳᠪᠦᠷᠢᠯᠡᠵᠦ ᠪᠤᠯᠤᠨ᠎ᠠ᠃     ᠠᠷᠪᠠᠨ ᠭᠤᠷᠪᠠᠳᠤᠭᠠᠷ ᠵᠤᠷᠪᠤᠰ   ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡ ᠳᠤ ᠬᠠᠯᠳᠠᠭᠰᠠᠨ ᠳᠦᠯᠥᠪᠦᠷᠢ ᠶᠢᠨ ᠮᠥᠩᠭᠦ ᠶᠢ ᠡᠷᠬᠡ ᠠᠰᠢᠭ ᠤᠨ ᠬᠦᠮᠦᠨ ᠤ ᠬᠤᠬᠢᠷᠠᠭᠰᠠᠨ ᠰᠦᠢᠳᠥᠯ ᠪᠤᠶᠤ ᠡᠷᠬᠡᠨ ᠳᠤ ᠬᠠᠯᠳᠠᠭᠰᠠᠨ ᠬᠦᠮᠦᠨ ᠤ ᠡᠷᠬᠡᠨ ᠳᠤ ᠬᠠᠯᠳᠠᠵᠤ ᠤᠯᠤᠭᠰᠠᠨ ᠠᠰᠢᠭ ᠢᠶᠠᠷ ᠳᠤᠭᠳᠠᠭᠠᠨ᠎ᠠ᠂ ᠡᠬᠦᠨ ᠳᠤ ᠬᠠᠯᠳᠠᠭᠰᠠᠨ ᠠᠵᠢᠯᠯᠠᠭ᠎ᠠ ᠶᠢ ᠵᠤᠭᠰᠤᠭᠠᠬᠤ ᠶᠢᠨ ᠳᠤᠯᠠᠳᠠ ᠵᠠᠷᠤᠴᠠᠭᠤᠯᠤᠭᠰᠠᠨ ᠵᠦᠢ ᠶᠤᠰᠤᠨ ᠤ ᠵᠠᠷᠤᠳᠠᠯ ᠢ ᠪᠠᠭᠳᠠᠭᠠᠨ᠎ᠠ᠃  ᠡᠷᠭᠡᠨ ᠳᠤ ᠬᠠᠯᠳᠠᠭᠳᠠᠭᠰᠠᠨ ᠬᠦᠮᠦᠨ ᠤ ᠬᠤᠬᠢᠷᠡᠯ ᠪᠤᠶᠤ ᠡᠷᠬᠡ ᠳᠤ ᠬᠠᠯᠳᠠᠭᠰᠠᠨ ᠬᠦᠮᠦᠨ ᠤ ᠤᠯᠤᠭᠰᠠᠨ ᠠᠰᠢᠭ ᠢ ᠳᠤᠭᠳᠠᠭᠠᠬᠤ ᠳᠤ ᠬᠦᠴᠢᠷᠳᠡᠢ ᠪᠤᠯ᠂ ᠳᠤᠰ ᠤᠯᠢᠮᠫᠢᠺ ᠤᠨ ᠪᠡᠯᠭᠡ ᠲᠡᠮᠳᠡᠭ ᠤᠨ ᠵᠦᠪᠰᠢᠶᠡᠷᠡᠯ ᠢ ᠭᠡᠷᠡᠭᠯᠡᠬᠦ ᠵᠦᠢ ᠶᠤᠰᠤᠨ ᠤ ᠵᠠᠷᠤᠳᠠᠯ ᠢ ᠯᠠᠪᠯᠠᠨ ᠳᠤᠭᠳᠠᠭᠠᠨ᠎ᠠ᠃ ᠤᠯᠢᠮᠫᠢᠺ ᠤᠨ ᠪᠡᠯᠭᠡ ᠲᠡᠮᠳᠡᠭ ᠤᠨ ᠳᠤᠰᠬᠠᠢ ᠡᠷᠬᠡ ᠳᠤ ᠬᠠᠯᠳᠠᠭᠰᠠᠨ  ᠭᠡᠳᠡᠭ ᠢ ᠮᠡᠳᠡᠬᠦ  ᠦᠭᠡᠢ ᠪᠦᠳᠦᠭᠡᠭᠳᠡᠬᠦᠨ ᠢ ᠪᠤᠷᠤᠯᠠᠭᠤᠯᠤᠭᠰᠠᠨ  ᠪᠤᠯ᠂ ᠳᠤᠰ ᠪᠦᠳᠦᠭᠡᠭᠳᠡᠬᠦᠨ ᠢ ᠥᠪᠡᠷ ᠢᠶᠠᠨ ᠬᠠᠤᠯᠢ ᠶᠤᠰᠤ ᠪᠠᠷ ᠤᠯᠤᠭᠰᠠᠨ ᠭᠡᠬᠦ   ᠶᠢ ᠭᠡᠷᠡᠴᠢᠯᠡᠵᠦ ᠲᠡᠶᠢᠯᠬᠦ ᠮᠦᠷᠳᠡᠭᠡᠨ ᠬᠠᠩᠭᠠᠬᠰᠠᠨ ᠡᠳᠡᠭᠡᠳ   ᠢ ᠲᠤᠳᠤᠷᠬᠠᠶᠢᠯᠠᠪᠠᠯ  ᠂ ᠳᠦᠯᠥᠪᠦᠷᠢ ᠶᠢᠨ ᠬᠠᠷᠢᠭᠤᠴᠠᠯᠭ᠎ᠠ ᠡᠬᠦᠷᠬᠡᠯᠡᠬᠦ ᠦᠭᠡᠢ᠃     ᠠᠷᠪᠠᠨ ᠳᠦᠷᠪᠡᠳᠦᠭᠡᠷ ᠵᠤᠷᠪᠤᠰ   ᠤᠯᠢᠮᠫᠢᠺ ᠤᠨ ᠪᠡᠯᠭᠡ ᠲᠡᠮᠳᠡᠭ ᠨᠢ ᠳᠤᠰ ᠳᠦᠷᠢᠮ ᠤᠨ ᠬᠠᠮᠠᠭᠠᠯᠠᠯᠳᠠ  ᠲᠠᠢ ᠠᠴᠠ ᠭᠠᠳᠠᠨ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠤᠬᠢᠶᠠᠭᠴᠢ ᠶᠢᠨ ᠡᠷᠬᠡ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠᠯᠳᠤᠭᠠᠨ ᠤ ᠳᠡᠮᠳᠡᠭ ᠤᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠰᠬᠠᠢ  ᠠᠰᠢᠭ ᠤᠨ ᠬᠠᠤᠯᠢ︾᠂ ︽ᠤᠨᠴᠠᠭᠠᠢ ᠳᠡᠮᠳᠡᠭ ᠤᠨ ᠬᠠᠮᠢᠶᠠᠷᠤᠯᠳᠠ ᠶᠢᠨ ᠳᠦᠷᠢᠮ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠳᠦᠷᠢᠮ ᠢ ᠦᠨᠳᠦᠰᠦᠯᠡᠨ ᠬᠠᠮᠠᠭᠠᠯᠠᠭᠳᠠᠨ᠎ᠠ᠃     ᠠᠷᠪᠠᠨ ᠳᠠᠪᠤᠳᠤᠭᠠᠷ ᠵᠤᠷᠪᠤᠰ  ᠳᠤᠰ ᠳᠦᠷᠢᠮ ᠢ 2002 ᠤᠨ   ᠤ 4 ᠰᠠᠷ᠎ᠡ ᠶᠢᠨ 1 ᠤ ᠡᠳᠦᠷ ᠠᠴᠠ ᠡᠬᠢᠯᠡᠨ ᠭᠡᠷᠡᠭᠵᠢᠬᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号