︽ᠠᠷᠭᠠᠢ︾ ᠬᠡᠵᠦ ᠠᠷᠢᠯᠭᠠᠵᠦ ᠵᠠᠰᠠᠬᠰᠠᠨ ᠦᠬᠡᠷ ᠤᠨ ᠱᠠᠭ᠎ᠠ ᠶᠢ ᠬᠡᠯᠡᠳᠡᠭ᠃ ᠤᠯᠠᠭᠠᠨᠬᠠᠳᠠ | ᠬᠤᠳᠠ ᠶᠢᠨ ᠠᠷᠤ ᠬᠤᠷᠴᠢᠨ ᠬᠤᠰᠢᠭᠤ ᠨᠢ ᠠᠷᠪᠠᠨ ᠰᠤᠮᠤᠨ ᠤ ᠬᠤᠷᠢᠮ ᠤᠨ ᠶᠤᠰᠤᠯᠠᠯ᠂ ᠮᠤᠩᠭᠤᠯ | ᠥᠨᠳᠤᠰᠤᠳᠠᠨ ᠤ ᠬᠠᠭᠠᠨ ᠤᠷᠳᠤᠨ ᠤ ᠬᠥᠭᠵᠢᠮ᠂ ᠬᠠᠰᠠᠬ ᠲᠡᠷᠭᠡ ᠥᠢᠯᠡᠳᠭᠦ ᠭᠠᠷ ᠤᠷᠠᠯᠠᠯ ᠁ ᠵᠡᠷᠭᠡ | ᠥᠪᠡᠷᠮᠢᠴᠡ ᠲᠡᠤᠭᠡ ᠰᠤᠶᠤᠯ ᠠᠴᠠ ᠭᠠᠲᠠᠨ᠎ᠠ᠂ ᠠᠷᠭᠠᠢ ᠨᠠᠭᠠᠲᠤᠮ ᠤᠨ ᠰᠤᠶᠤᠯ ᠢᠶᠠᠷ ᠢᠶᠠᠨ ᠬᠤᠯᠠ ᠥᠢᠷ᠎ᠠ ᠳᠠᠭᠠᠨ | ᠠᠯᠲᠠᠷᠰᠢᠬᠰᠠᠨ ᠪᠠᠶᠢᠳᠠᠬ᠃ ᠤᠢᠢᠷ᠎ᠠ ᠶᠢᠨ ᠵᠢᠯ ᠳᠤ᠂ ᠠᠷᠤ ᠬᠤᠷᠴᠢᠨᠴᠤᠳ ᠠᠷᠭᠠᠢ ᠨᠠᠭᠠᠲᠤᠮ ᠤᠨ ᠲᠡᠦᠭᠡ | ᠰᠤᠶᠤᠯ ᠢᠶᠠᠨ ᠤᠯᠠᠮ ᠴᠠᠭᠠᠰᠢᠲᠠ ᠠᠭᠤᠲᠠᠯᠵᠦ᠂ ᠪᠦᠲᠦᠮᠵᠢᠳᠡᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠦ᠂ | ᠥᠪ ᠰᠤᠶᠤᠯ ᠤᠨ ᠦᠨᠡᠲᠦ ᠡᠷᠳᠡᠨᠢ ᠪᠤᠯᠤᠬᠰᠠᠨ ᠠᠷᠭᠠᠢ ᠨᠠᠭᠠᠳᠤᠮ ᠢᠶᠠᠨ ᠠᠪᠤᠷᠠᠨ ᠬᠠᠮᠠᠭᠠᠯᠠᠵᠦ᠂ ᠤᠯᠠᠮᠵᠢᠯᠠᠨ | ᠬᠦᠭᠵᠢᠬᠦᠯᠬᠦ ᠶᠢᠨ ᠲᠦᠯᠦᠬᠡ ᠬᠦᠴᠦ ᠨᠢᠬᠡᠲᠦᠨ ᠴᠢᠷᠮᠠᠶᠢᠵᠠᠭᠠᠵᠦ ᠪᠤᠢ᠃ | ᠰᠤᠶᠤᠯ ᠲᠡᠤᠭᠡ ᠶᠢᠨ ᠬᠤᠪᠤᠷ ᠥᠯᠡᠳᠡᠭᠳᠠᠯ | ᠬᠤᠯᠪᠤᠬᠳᠠᠯ ᠪᠥᠬᠦᠢ ᠲᠡᠤᠭᠡ ᠶᠢᠨ ᠪᠢᠴᠢᠭ ᠮᠠᠲ᠋ᠧᠷᠢᠶᠠᠯ ᠳᠤ ᠲᠡᠮᠳᠡᠭᠯᠡᠭᠰᠡᠨ ᠢ ᠦᠨᠳᠦᠰᠦᠯᠡᠪᠡᠯ᠂ ᠪᠠᠭ᠎ᠠ | ᠨᠠᠰᠤᠨ ᠤ ᠲᠡᠮᠦᠵᠢᠨ ᠪᠣᠯᠤᠨ ᠵᠠᠮᠤᠬ᠎ᠠ ᠬᠤᠶᠠᠭᠤᠯᠠ ᠮᠥᠰᠥᠨ ᠳᠡᠭᠡᠷ᠎ᠡ ᠱᠠᠭ᠎ᠠ ᠶᠢᠨ ᠲᠣᠭᠯᠠᠭᠠᠮ ᠢ ᠨᠠᠭᠠᠳᠴᠤ | ᠪᠠᠶᠢᠬᠰᠠᠨ᠂ ᠮᠠᠨᠳᠤᠬᠠᠢ ᠰᠡᠴᠡᠨ ᠥᠨᠡᠨᠪᠤᠯᠤᠳ ᠬᠤᠶᠠᠭᠤᠯᠠ ᠠᠷᠭᠠᠢ ᠨᠠᠭᠠᠳᠤᠮ ᠤᠨ ᠲᠠᠯᠠᠪᠠᠢ ᠳᠤ ᠲᠠᠨᠢᠯᠴᠠᠭᠰᠠᠨ | ᠬᠡᠯᠴᠡᠳᠡᠭ᠃ ᠲᠡᠦᠬᠡᠨ ᠮᠠᠲᠧᠷᠢᠶᠠᠯ᠂ ᠪᠢᠴᠢᠭ ᠰᠤᠲᠤᠷ ᠲᠤ ᠮᠥᠰᠥᠨ ᠳᠡᠭᠡᠷᠡᠬᠢ ᠠᠷᠭᠠᠢ ᠨᠠᠭᠠᠳᠤᠮ ᠪᠣᠯ | ᠮᠣᠩᠭᠤᠯᠴᠤᠳ ᠤᠨ ᠦᠨᠢ ᠤᠳᠠᠭᠠᠨ ᠲᠡᠤᠭᠡ ᠲᠠᠢ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠤᠨ | ᠨᠢᠭᠡ ᠨᠢ ᠪᠣᠯᠤᠨ᠎ᠠ ᠬᠡᠵᠥ ᠲᠡᠮᠳᠡᠭᠯᠡᠵᠥ ᠪᠠᠶᠢᠳᠠᠬ᠃ | ︽ᠠᠷᠭᠠᠢ ᠨᠠᠭᠠᠳᠤᠮ ᠤᠳᠤᠬᠠᠨ ᠳᠤ ᠠᠷᠤ ᠬᠤᠷᠴᠢᠨ ᠬᠤᠰᠢᠭᠤᠨ ᠤ ᠬᠠᠨᠰᠦ᠋ᠮ᠎ᠠ ᠰᠤᠮᠤᠨ ᠤ ᠠᠮᠠᠰᠠᠷ ᠪᠣᠯᠤᠨ | ᠪᠣᠷᠣᠬᠤᠲᠠ ᠬᠤᠶᠠᠷ ᠭᠠᠴᠠᠭᠠᠨ ᠤ ᠮᠠᠯᠴᠢᠳ ᠤᠨ ᠳᠤᠮᠳᠠ ᠤᠯᠠᠮᠵᠢᠯᠠᠬᠳᠠᠵᠥ ᠪᠤᠢ︾ ᠭᠡᠵᠦ ᠠᠷᠤ ᠬᠤᠷᠴᠢᠨ | ᠬᠤᠰᠢᠭᠤ ᠶᠢᠨ ᠰᠤᠶᠤᠯ ᠪᠡᠶ᠎ᠠ ᠶᠢᠨ ᠲᠠᠮᠢᠷ ᠷᠠᠳᠢᠣ᠋ ᠲᠧᠯᠸᠢᠰ ᠲᠤᠪᠴᠢᠶ᠎ᠠ ᠶᠢᠨ ᠬᠠᠷᠢᠭᠤᠴᠠᠯᠭᠠᠳᠠᠨ ᠪᠥᠬᠡᠪᠠᠭᠠᠳᠤᠷ | ᠲᠠᠨᠢᠯᠴᠠᠭᠤᠯᠤᠬᠰᠠᠨ ᠪᠠᠶᠢᠨ᠎ᠠ᠃ ᠲᠡᠬᠦᠨ ᠤ ᠬᠠᠨᠭ᠍ᠭᠠᠬᠰᠠᠨ ᠮᠡᠲ᠋ᠧᠷᠢᠶᠠᠯ ᠢ ᠥᠨᠳᠤᠰᠤᠯᠠᠪᠠᠯ᠂ ᠲᠡᠦᠬᠡᠨ ᠳᠡᠭᠡᠷᠡᠬᠢ ᠠᠷᠤ | ᠬᠤᠷᠴᠢᠨᠴᠤᠳ ᠪᠣᠯ ᠴᠢᠩᠭᠢᠰ ᠬᠠᠭᠠᠨ ᠤ ᠲᠥᠷᠥᠭᠰᠡᠨ ᠳᠡᠭᠦᠦ ᠬᠠᠪᠤᠲᠦ ᠬᠠᠰᠠᠷ ᠤᠨ ᠥᠷ᠎ᠠ ᠬᠤᠶᠢᠴᠢᠰ ᠪᠣᠯᠤᠨ᠎ᠠ᠃ | 1546 ᠣᠨ ᠳᠤ᠂ ᠬᠠᠰᠠᠷ ᠤᠨ ᠥᠷ᠎ᠠ ᠬᠤᠶᠢᠴᠢᠰ ᠬᠥᠯᠥᠨ ᠪᠤᠶᠢᠷ ᠤᠨ ᠴᠢᠭᠤᠯᠭᠠᠨ ᠤ ᠬᠠᠶᠢᠯᠠᠷ ᠭᠤᠣᠯ | ᠣᠷᠴᠢᠮ ᠤᠨ ᠠᠷᠤ ᠬᠤᠷᠴᠢᠨ ᠠᠶᠢᠮᠠᠭ ᠲᠤ ᠰᠠᠭᠤᠷᠢᠰᠢᠵᠤ᠂ ᠠᠬᠠᠯᠠᠬᠴᠢ ᠬᠥᠨᠳᠡᠯᠡᠨ ᠲᠠᠶᠢᠴᠢᠩ ᠤᠨ ᠳᠠᠭᠠᠭᠤᠯᠭ᠎ᠠ | ᠳᠣᠣᠷ᠎ᠠ ᠡᠮᠦᠨᠡᠰᠢ ᠨᠡᠬᠦᠳᠡᠯᠯᠡᠵᠥ ᠣᠳᠣ ᠶᠢᠨ ᠡᠨᠡ ᠨᠤᠲᠤᠭ ᠲᠤ ᠢᠷᠡᠵᠦ ᠨᠤᠲᠤᠭᠯᠠᠵᠠᠢ᠃ ︽ᠴᠢᠩ ᠤᠯᠤᠰ ᠤᠨ | ᠦᠶ᠎ᠡ ᠳᠤ ᠠᠷᠤ ᠬᠤᠷᠴᠢᠨ ᠬᠤᠰᠢᠭᠤ ᠶᠢ ᠪᠠᠶᠢᠭᠤᠯᠵᠤ᠂ ᠵᠣᠣ ᠤᠳᠠ ᠠᠶᠢᠮᠠᠭ ᠲᠤ ᠬᠠᠷᠢᠶᠠᠯᠠᠭᠳᠠᠭᠤᠯᠪᠠ︾ ᠬᠡᠵᠥ | ᠲᠤᠳᠤᠷᠬᠠᠢᠢᠯᠠᠵᠥ ᠪᠠᠶᠢᠯ᠎ᠠ᠃ | | ᠠᠷᠤ ᠬᠤᠷᠴᠢᠨ ᠬᠤᠰᠢᠭᠤ ᠨᠢ ᠮᠠᠨ ᠤ ᠣᠷᠣᠨ ᠤ ᠳᠤᠮᠳᠠ ᠬᠡᠰᠡᠭ᠂ ᠤᠯᠠᠭᠠᠨᠬᠠᠳᠠ ᠬᠤᠲᠠ ᠶᠢᠨ ᠵᠡᠭᠦᠨ | ᠬᠤᠶᠢᠲᠤ ᠬᠡᠰᠡᠭ ᠲᠤ ᠪᠠᠶᠢᠷᠢᠯᠠᠵᠤ ᠪᠠᠶᠢᠳᠠᠬ᠃ ᠵᠡᠬᠦᠨᠰᠢ ᠪᠠᠨ ᠲᠦᠩᠯᠢᠶᠣᠤ ᠬᠤᠲᠠ ᠶᠢᠨ ᠵᠠᠷᠤᠳ ᠬᠤᠰᠢᠭᠤ ᠲᠠᠢ | ᠬᠥᠷᠰᠢᠯᠡᠨᠡ︔ ᠡᠮᠦᠨᠡᠰᠢ ᠪᠠᠨ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠪᠣᠯᠤᠨ ᠲᠦᠩᠯᠢᠶᠣᠤ | ᠬᠤᠲᠠ ᠶᠢᠨ ᠺᠠᠶᠢᠯᠦ ᠰᠢᠶᠠᠨ ᠤ ᠬᠠᠷᠢᠶᠠᠨ ᠳᠠᠬᠢ ᠰᠢᠷᠠᠮᠦ᠋ᠷᠡᠨ ᠭᠤᠤᠯ ᠪᠣᠯᠤᠨ ᠲᠠᠢ ᠾᠧ ᠭᠤᠤᠯ ᠤᠨ ᠬᠠᠭᠤᠴᠢᠨ | ᠤᠷᠤᠰᠬᠠᠯ ᠤᠨ ᠵᠠᠭᠠᠭ ᠲᠠᠢ ᠨᠢᠭᠤᠷᠯᠠᠵᠥ᠂ ᠪᠠᠷᠠᠭᠤᠨᠰᠢ ᠪᠠᠨ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ | ᠂ ᠪᠠᠭᠠᠷᠢᠨ ᠪᠠᠷᠠᠭᠤᠨ ᠬᠤᠰᠢᠭᠤ ᠲᠠᠢ ᠵᠠᠬ᠎ᠠ ᠨᠡᠶᠢᠯᠡᠵᠦ ᠪᠠᠶᠢᠨ᠎ᠠ︔ ᠤᠮᠠᠷᠠᠰᠢ ᠪᠠᠨ ᠰᠢᠯᠢ ᠶᠢᠨ ᠭᠤᠣᠯ ᠠᠶᠢᠮᠠᠭ ᠤᠨ | ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ ᠲᠠᠢ ᠵᠠᠬ᠎ᠠ ᠨᠡᠶᠢᠯᠡᠵᠦ ᠤᠯᠠᠨ ᠨᠤᠲᠤᠭ ᠤᠨ | ᠰᠤᠶᠤᠯ ᠤᠨ ᠨᠥᠯᠥᠭᠡ ᠶᠢ ᠬᠥᠷᠳᠡᠭᠰᠡᠨ ᠥᠡᠭᠭᠡ ᠢᠯᠭᠠᠷᠠᠮ᠎ᠠ ᠰᠤᠶᠤᠯ ᠤᠷᠠᠯᠢᠬ ᠢ ᠪᠥᠷᠢᠯᠳᠥᠭᠦᠯᠥᠭᠰᠡᠨ ᠪᠠᠶᠢᠳᠠᠬ᠃ | ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠮᠣᠩᠭᠤᠯ ᠦᠨᠳᠦᠰᠦᠲᠡᠨ ᠤ ᠡᠷᠲᠡᠨ ᠤ ᠮᠥᠰᠥᠨ ᠳᠡᠭᠡᠷᠡᠬᠢ | ᠲᠠᠮᠢᠷ ᠤᠨ ᠬᠥᠳᠡᠯᠭᠡᠭᠡᠨ ᠪᠣᠯᠤᠨ᠎ᠠ᠃ ᠠᠷᠤ ᠬᠤᠷᠴᠢᠨ ᠬᠤᠰᠢᠭᠤᠨ ᠳᠤ ᠳᠡᠯᠭᠡᠷᠡᠭᠰᠡᠨ ᠮᠥᠰᠥᠨ ᠳᠡᠭᠡᠷᠡᠬᠢ ᠠᠷᠭᠠᠢ | ᠨᠠᠭᠠᠳᠤᠮ ᠨᠢ ᠪᠦᠬᠦ᠋ᠢᠯᠡ ᠦᠨᠳᠦᠰᠦᠲᠡᠨ ᠤ ᠨᠠᠶᠢᠳᠡᠯᠢᠭ ᠰᠢᠨᠵᠢ ᠲᠠᠢ ᠮᠥᠷᠲᠡᠭᠡᠨ ᠢᠯᠡ ᠲᠣᠳᠣ ᠣᠷᠣᠨ | ᠨᠤᠲᠤᠭ ᠤᠨ ᠥᠩᠭᠡ ᠪᠤᠳᠤᠭ ᠲᠠᠢ ᠪᠠᠶᠢᠳᠠᠭ᠃ ᠠᠷᠭᠠᠢ ᠬᠢᠬᠦ ᠳᠤ ᠦᠬᠡᠷ ᠤᠨ ᠱᠠᠭ᠎ᠠ ᠶᠢᠨ ᠮᠢᠬ᠎ᠠ ᠠᠷᠠᠰᠤ ᠪᠠ | ᠳᠤᠰᠤᠨ ᠬᠠᠭ ᠢ ᠨᠢ ᠠᠪᠴᠤ ᠬᠠᠶᠠᠭᠠᠳ ᠭᠦᠳᠦᠭᠦᠷ ᠲᠠᠯ᠎ᠠ ᠪᠠ ᠬᠤᠲᠣᠭᠤᠷ ᠲᠠᠯ᠎ᠠ ᠶᠢ ᠨᠢ ᠬᠤᠰᠤᠵᠤ ᠲᠡᠭᠰᠢᠯᠡᠭᠡᠳ | ᠪᠦᠲᠦᠭᠡᠭᠰᠡᠨ ᠪᠠᠶᠢᠲᠠᠭ︔ ᠬᠤᠲᠣᠭᠤᠷ ᠭᠠᠳᠠᠷᠭᠤ ᠳᠤᠨᠢ ᠨᠦᠬᠡ ᠴᠣᠭᠤᠯᠵᠤ᠂ ᠲᠤᠭᠤᠯᠭᠠᠨ ᠤᠰᠤ ᠣᠷᠣᠭᠤᠯᠵᠤ | ᠬᠦᠨᠳᠦ ᠶᠢᠨ ᠬᠡᠮᠵᠢᠶ᠎ᠡ ᠶᠢ ᠨᠢ ᠨᠡᠮᠡᠭᠳᠡᠭᠦᠯᠳᠡᠭ᠃ ᠠᠷᠭᠠᠢ ᠨᠠᠭᠠᠳᠤᠮ ᠢ ᠮᠥᠰᠥᠨ ᠳᠡᠭᠡᠷ᠎ᠡ ᠲᠣᠭᠯᠠᠬᠤ ᠳᠠᠭᠠᠨ | ᠭᠦᠳᠦᠭᠦᠷ ᠲᠠᠯ᠎ᠠ ᠶᠢ ᠨᠢ ᠳᠡᠭᠡᠭᠰᠢ ᠬᠠᠨᠳᠤᠭᠤᠯᠤᠨ ᠪᠠᠷᠢᠵᠤ᠂ ᠡᠷᠡᠬᠡᠢ ᠬᠤᠷᠤᠭᠤ ᠪᠠ ᠳᠣᠯᠢᠶᠠᠪᠤᠷ | ᠬᠤᠷᠤᠭᠤ ᠪᠠᠷ ᠢᠶᠠᠨ ᠬᠤᠯᠠ ᠶᠢ ᠵᠣᠷᠢᠵᠤ᠂ ᠬᠠᠷᠠᠯᠲᠠ ᠪᠣᠯᠭᠠᠨ ᠠᠷᠭᠠᠢ ᠪᠤᠯᠭᠠᠨ ᠰᠢᠳᠡᠳᠡᠭ᠃ ᠨᠥᠭᠦᠭᠡ ᠨᠢᠭᠡ | ᠠᠷᠭᠠᠢ ᠨᠢ ᠬᠠᠷᠠᠯᠲᠠ ᠲᠠᠢ ᠪᠠᠷ ᠰᠤᠮᠤ ᠪᠠᠨ ᠣᠨᠢᠯᠠᠵᠤ ᠰᠢᠳᠠᠵᠥ ᠶᠠᠪᠤᠭᠤᠯᠤᠬᠰᠠᠨ ᠠᠷᠭᠠᠢ ᠶᠢ ᠣᠨᠣᠭᠠᠭᠰᠠᠨ ᠪᠤᠯ | ᠢᠯᠠᠭᠰᠠᠨ ᠳᠤ ᠲᠣᠭᠠᠴᠢᠭᠳᠠᠨ᠎ᠠ᠃ ᠡᠶᠢᠮᠦ ᠠᠴᠠ ᠲᠡᠬᠦᠨ ᠢ ᠪᠠᠰᠠ ︽ᠠᠷᠭᠠᠢ ᠬᠠᠷᠪᠤᠬᠤ︾ ᠭᠡᠳᠡᠭ᠃ ᠬᠤᠶᠠᠷ | ᠬᠥᠮᠦᠨ ᠪᠠᠶᠢᠳᠠᠭ ᠯᠠ ᠶᠤᠮ ᠪᠣᠯ ᠡᠨᠡ ᠲᠣᠭᠯᠠᠭᠠᠮ ᠵᠠᠪᠤᠭᠲᠠᠵᠦ ᠲᠡᠶᠢᠯᠦᠨ᠎ᠡ︔ ᠬᠥᠮᠦᠨ ᠣᠯᠠᠨ ᠦᠶ᠎ᠠ ᠳᠤ ᠨᠠᠩ | ᠬᠥᠷ ᠬᠥᠭᠵᠢᠶᠡᠨ ᠲᠠᠢ ᠪᠣᠯᠳᠠᠬ᠃ ᠤᠷᠤᠯᠳᠤᠭᠠᠨ ᠤ ᠳ᠋ᠦᠩ ᠳᠤ᠂ ᠢᠯᠠᠭᠳᠠᠭᠰᠠᠳ ᠬᠤᠨᠢ᠂ ᠢᠮᠠᠭᠠᠨ ᠤ ᠱᠠᠭ᠎ᠠ ᠪᠠᠨ | ᠱᠦᠭᠦᠭᠳᠡᠳᠡᠭ ᠪᠠᠶᠢᠨ᠎ᠠ᠃ | ᠮᠣᠩᠭᠤᠯᠴᠤᠳ ᠦᠬᠡᠷ ᠬᠤᠨᠢ ᠨᠢᠲᠤᠯᠬᠤ ᠪᠤᠶᠤ ᠠᠩ ᠭᠥᠷᠥᠭᠡᠰᠦ ᠠᠩᠨᠠᠬᠤ ᠳᠠᠭᠠᠨ ᠱᠠᠭ᠎ᠠ ᠶᠢ ᠨᠢ ᠬᠢᠮᠠᠭᠠᠲᠠᠨ | ᠬᠠᠳᠠᠭᠠᠯᠠᠵᠤ᠂ ᠳᠡᠭᠡᠷᠡᠬᠢ ᠰᠢᠷᠪᠥᠰᠥ ᠪᠣᠯᠤᠨ ᠮᠢᠬ᠎ᠠ ᠶᠢ ᠨᠢ ᠬᠤᠰᠤᠵᠤ᠂ ᠲᠤᠰᠤᠨ ᠤ ᠭᠬᠢᠷ ᠪᠤᠷᠲᠠᠭ ᠢ ᠠᠷᠢᠯᠭᠠᠨ᠂ | ᠨᠢᠭᠡ ᠵᠦᠢᠯ ᠤᠨ ᠲᠣᠭᠯᠠᠭᠠᠮ ᠪᠣᠯᠭᠠᠳᠠᠭ᠃ ᠠᠷᠭᠠᠢ ᠤᠷᠤᠯᠳᠤᠬᠤ ᠦᠶ᠎ᠡ ᠳᠤ ᠦᠬᠡᠷ ᠪᠤᠶᠤ ᠪᠤᠭᠤ ᠶᠢᠨ ᠱᠠᠭ᠎ᠠ ᠶᠢ | ᠰᠤᠩᠭᠤᠲᠠᠭ᠃ ᠪᠣᠳᠠᠲᠠᠢ ᠪᠠᠷ ᠬᠡᠯᠡᠪᠡᠯ᠂ ᠱᠠᠭ᠎ᠠ ᠶᠠᠰᠤᠨ ᠤ ᠳᠡᠭᠡᠷ᠎ᠡ ᠳᠣᠣᠷ᠎ᠠ ᠲᠠᠯ᠎ᠠ ᠶᠢ ᠵᠣᠷᠭᠤᠵᠤ᠂ ᠬᠡᠩᠭᠡᠷᠭᠡᠨ | ᠳᠡᠭᠡᠷ᠎ᠡ ᠨᠢ ᠵᠢᠵᠢᠭ ᠨᠦᠬᠡ ᠭᠠᠷᠭᠠᠵᠤ᠂ ᠲᠤᠭᠤᠯᠭᠠᠨ ᠤᠰᠤ ᠴᠢᠳᠬᠤᠵᠤ᠂ ᠬᠦᠨᠳᠦ ᠶᠢ ᠨᠢ ᠳᠡᠭᠡᠭᠰᠢᠯᠡᠭᠦᠯᠦᠨ᠎ᠡ᠃ | ᠢᠡᠭᠬᠢᠪᠠᠯ ᠮᠥᠰᠥᠨ ᠭᠠᠳᠠᠷᠭᠤ ᠳᠡᠭᠡᠷ᠎ᠡ ᠡᠷᠭᠢᠯᠳᠦᠨ ᠭᠤᠯᠭᠤᠬᠤ ᠦᠶᠡᠰ ᠨᠡᠯᠢᠶᠡᠳ ᠬᠤᠷᠳᠤᠨ ᠪᠠᠶᠢᠲᠠᠭ ᠪᠦᠭᠡᠳ | ᠬᠠᠷᠪᠤᠬᠤ ᠳᠤ ᠣᠨᠣᠪᠴᠢᠲᠠᠶ ᠪᠤᠯᠭᠠᠲᠠᠭ᠃ ᠭᠡᠲᠡᠯ᠎ᠡ ᠲᠡᠳᠡᠭᠡᠷ ᠵᠢᠵᠢᠭ ᠱᠠᠭ᠎ᠠ ᠨᠢ ᠬᠠᠷᠢᠨ ᠤᠤᠯ ᠤᠨ ᠶᠠᠩᠵᠤ ᠪᠠᠨ | ᠬᠠᠳᠠᠭᠠᠯᠠᠳᠠᠭ ᠪᠠᠶᠢᠨ᠎ᠠ᠃ | ᠥᠪᠡᠷᠮᠢᠴᠠ ᠤᠨᠴᠠᠯᠢᠬ ᠲᠠᠢ ᠪᠡᠶ᠎ᠡ ᠶᠢᠨ ᠲᠠᠮᠢᠷ | ︽ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠮᠣᠩᠭᠤᠯ ᠦᠨᠳᠦᠰᠦᠲᠡᠨ ᠤ ᠡᠷᠲᠡᠨ ᠤ ᠮᠥᠰᠥᠨ ᠳᠡᠭᠡᠷᠡᠬᠢ | ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠪᠣᠯᠤᠨ᠎ᠠ᠃ ᠲᠡᠭᠦᠨ ᠤ ᠪᠤᠢ ᠪᠤᠯᠤᠬᠰᠠᠨ ᠣᠨ ᠵᠢᠯ ᠪᠠ ᠤᠯᠠᠮᠵᠢᠯᠠᠨ | ᠵᠠᠯᠭᠠᠮᠵᠢᠯᠠᠭᠲᠠᠭᠰᠠᠨ ᠪᠠᠶᠢᠳᠠᠯ ᠢ ᠤᠳᠤ ᠪᠠᠰᠠ ᠨᠠᠷᠢᠨ ᠨᠢᠮᠪᠠᠶ ᠰᠢᠯᠭᠠᠨ ᠭᠡᠷᠡᠴᠢᠯᠡᠬᠦ ᠶᠢᠨ ᠠᠷᠭ᠎ᠠ ᠦᠭᠡᠢ ᠪᠠᠶᠢᠨ᠎ᠠ︾ | ᠬᠡᠵᠥ ᠪᠥᠭᠡᠪᠠᠭᠠᠳᠤᠷ ᠲᠠᠶᠢᠯᠪᠤᠷᠢᠯᠠᠵᠥ ᠪᠢᠯᠠ᠃ ᠬᠤᠯᠪᠤᠭᠳᠠᠯ ᠪᠦᠬᠦᠢ ᠲᠡᠦᠬᠡᠨ ᠪᠢᠴᠢᠭ ᠲᠤ ᠲᠡᠮᠳᠡᠭᠯᠡᠭᠰᠡᠨ ᠢᠶᠠᠷ᠂ | ᠴᠢᠩᠭᠢᠰ ᠬᠠᠭᠠᠨ ᠪᠠᠭ᠎ᠠ ᠶᠢᠨ ᠦᠶ᠎ᠡ ᠳᠡᠭᠡᠨ ᠵᠠᠮᠤᠬ᠎ᠠ ᠲᠠᠢ ᠬᠠᠷᠢᠯᠴᠠᠨ ᠵᠢᠵᠢᠭ ᠱᠠᠭ᠎ᠠ ᠪᠡᠯᠡᠭᠯᠡᠵᠦ ᠪᠠᠶᠢᠭᠰᠠᠨ ᠪᠥᠭᠡᠳ | ᠣᠨᠣᠨ ᠭᠤᠣᠯ ᠤᠨ ᠮᠥᠰᠥᠨ ᠳᠡᠭᠡᠷ᠎ᠡ ᠨᠠᠭᠠᠳᠴᠤ᠂ ᠱᠠᠭ᠎ᠠ ᠬᠠᠷᠪᠤᠬᠤ ᠤᠷᠤᠯᠳᠤᠭᠠᠨ ᠶᠠᠪᠤᠭᠤᠯᠳᠠᠬ ᠪᠠᠶᠢᠵᠠᠢ︔ | ᠠᠷᠪᠠᠨ ᠲᠠᠪᠤᠳᠤᠭᠠᠷ ᠵᠠᠭᠤᠨ ᠤ ᠳᠤᠮᠳᠠᠴᠢ ᠦᠶ᠎ᠡ ᠳᠤ ᠮᠣᠩᠭᠤᠯ ᠦᠨᠳᠦᠰᠦᠲᠡᠨ ᠤ ᠠᠯᠳᠠᠷᠲᠤ ᠤᠯᠤᠰ ᠲᠥᠷᠥᠴᠢᠨ | ᠮᠠᠨᠳᠤᠬᠠᠢ ᠰᠡᠴᠡᠨ ᠬᠠᠳᠤᠨ᠂ ᠤᠷᠤᠭ ᠭᠤᠶᠤᠭᠴᠢ — ᠬᠤᠷᠴᠢᠨ ᠠᠶᠢᠮᠠᠭ ᠤᠨ ᠦᠨᠡᠨᠪᠤᠯᠤᠳ ᠲᠠᠢ ᠮᠥᠰᠥᠨ | ᠳᠡᠭᠡᠷ᠎ᠡ ᠱᠠᠭ᠎ᠠ ᠬᠠᠷᠪᠤᠬᠤ ᠳᠠᠭᠠᠨ ᠲᠠᠨᠢᠯᠴᠠᠭᠰᠠᠨ ᠶᠤᠮ︔ ᠴᠢᠩᠭᠢᠰ ᠬᠠᠭᠠᠨ ᠤ ᠳᠡᠭᠦᠦ ᠬᠠᠪᠤᠲᠤ ᠬᠠᠰᠠᠷ ︽ᠮᠡᠷᠭᠡᠨ | ᠬᠠᠷᠪᠤᠭᠠᠴᠢᠨ︾ ᠬᠡᠮᠡᠨ ᠠᠯᠳᠠᠷᠰᠢᠵᠤ᠂ ᠶᠡᠭᠡ ᠮᠣᠩᠭᠤᠯ ᠬᠠᠭᠠᠨᠲᠤ ᠤᠯᠤᠰ ᠢ ᠪᠠᠶᠢᠭᠤᠯᠬᠤ ᠳᠤ ᠭᠠᠷᠮᠠᠭᠠᠢ ᠭᠠᠪᠢᠶ᠎ᠠ | ᠵᠢᠳᠬᠦᠯ ᠦᠵᠡᠭᠦᠯᠵᠥ ᠪᠠᠶᠢᠬᠰᠠᠨ ᠬᠡᠵᠥ ᠲᠤᠳᠤᠷᠬᠠᠢ ᠲᠡᠮᠳᠡᠭᠯᠡᠵᠥ ᠪᠠᠶᠢᠯ᠎ᠠ᠃ | ᠠᠷᠭᠠᠢ ᠶᠢ ᠬᠠᠷᠪᠤᠬᠤ ᠳᠤ ᠡᠷᠡᠬᠡᠢ ᠬᠤᠷᠤᠭᠤᠨ ᠤ ᠬᠥᠳᠡᠯᠥᠯ ᠪᠠᠷᠢᠯ ᠨᠢ ᠨᠤᠮᠤ ᠬᠠᠷᠪᠤᠬᠤ ᠲᠠᠢ ᠠᠳᠠᠯᠢᠪᠲᠤᠷ | ᠪᠠᠶᠢᠳᠠᠭ᠂ ᠡᠶᠢᠮᠦ ᠠᠴᠠ ᠮᠥᠰᠥᠨ ᠳᠡᠭᠡᠷᠡᠬᠢ ᠠᠷᠭᠠᠢ ᠨᠢ ᠰᠤᠷ ᠬᠠᠷᠪᠤᠬᠤ ᠨᠢᠭᠡ ᠵᠦᠢᠯ ᠤᠨ ᠦᠨᠳᠦᠰᠦᠨ | ᠪᠣᠯᠪᠠᠰᠤᠷᠠᠯ ᠪᠠᠶᠢᠵᠤ ᠮᠡᠳᠡᠨ᠎ᠡ᠃ ᠬᠠᠪᠤᠲᠤ ᠬᠠᠰᠠᠷ ᠤᠨ ᠬᠤᠶᠢᠴᠢᠰ ᠪᠣᠯᠤᠭᠰᠠᠨ ᠤ ᠬᠤᠪᠢ ᠳᠤ᠂ ᠠᠷᠤ ᠬᠤᠷᠴᠢᠨ | ᠬᠤᠰᠢᠭᠤᠨ ᠤ ᠮᠣᠩᠭᠤᠯᠴᠤᠳ ᠮᠡᠷᠭᠡᠨ ᠬᠠᠷᠪᠤᠭᠠᠴᠢ ᠶᠢᠨ ᠭᠧᠨ ᠢ ᠤᠯᠠᠮᠵᠢᠯᠠᠬᠰᠠᠨ ᠪᠥᠭᠡᠳ ᠮᠥᠰᠥᠨ ᠳᠡᠭᠡᠷᠡᠬᠢ | ᠠᠷᠭᠠᠢ ᠨᠠᠭᠠᠲᠤᠮ ᠢ ᠲᠡᠷᠡ ᠬᠡᠪ ᠢᠶᠠᠷ ᠨᠢ ᠦᠪᠯᠡᠨ ᠦᠯᠡᠳᠡᠭᠡᠭᠰᠡᠨ ᠶᠤᠮ᠃ ᠠᠷᠤ ᠬᠤᠷᠴᠢᠨ ᠬᠤᠰᠢᠭᠤᠨ ᠤ | ᠠᠩᠬᠠᠳᠠᠭᠴᠢ ᠵᠠᠰᠠᠭ ᠨᠤᠶᠠᠨ ᠪᠣᠯ ᠲᠤᠬᠠᠶ ᠶᠢᠨ ᠦᠶ᠎ᠡ ᠶᠢᠨ ᠠᠯᠳᠠᠷᠲᠤ ᠰᠤᠷ ᠬᠠᠷᠪᠤᠭᠴᠢ ᠪᠠᠶᠢᠬᠰᠠᠨ ᠭᠡᠳᠡᠭ᠃ | ᠪᠥᠬᠡᠪᠠᠭᠠᠳᠤᠷ ᠤᠨ ᠬᠠᠨᠭ᠍ᠭᠠᠭᠰᠠᠨ ᠮᠠᠲ᠋ᠧᠷᠢᠶᠠᠯ ᠳᠤ᠂ ᠤᠳᠤᠬᠠᠨ ᠳᠤ ᠬᠠᠨᠰᠦ᠋ᠮ᠎ᠠ ᠰᠤᠮᠤ ᠶᠢᠨ ᠴᠠᠭᠠᠬᠤᠪᠣᠭ᠎ᠠ | ᠭᠠᠴᠠᠭ᠎ᠠ ᠶᠢᠨ ᠨᠠᠰᠤᠳᠠᠨ ᠴᠤᠬᠯᠠ᠂ ᠪᠣᠷᠣᠬᠤᠲᠠ ᠭᠠᠴᠠᠭ᠎ᠠ ᠶᠢᠨ ᠰᠤᠩᠳᠤᠢ ᠪᠣᠯᠤᠨ ᠠᠮᠠᠰᠠᠷ ᠭᠠᠴᠠᠭ᠎ᠠ ᠶᠢᠨ | ᠠᠯᠲᠠᠨ᠋ᠧᠴᠢᠷ ᠵᠡᠷᠭᠡ ᠨᠠᠰᠤᠲᠠᠳ ᠪᠣᠯ ᠪᠦᠷ ᠮᠥᠰᠥᠨ ᠳᠡᠭᠡᠷᠡᠬᠢ ᠠᠷᠭᠠᠢ ᠨᠠᠭᠠᠳᠤᠮ ᠤᠨ ᠤᠯᠠᠮᠵᠢᠯᠠᠭᠴᠢ ᠪᠤᠯᠬᠤ ᠶᠤᠮ | ᠃ ᠲᠡᠲᠡᠨᠤᠰ ᠠᠴᠠ ᠲᠡᠭᠡᠷ᠎ᠠ ᠨᠢᠬᠡ ᠥᠶ᠎ᠠ ᠶᠢᠨ ᠬᠢ ᠶᠢ ᠲᠤᠷᠠᠳᠪᠠᠯ᠂ ᠪᠠᠲᠤᠸ᠋ᠴᠢᠷ᠂ ᠫᠣᠩᠰᠤᠭ᠂ ᠨᠠᠶᠠᠨᠲᠠᠢ᠂ | ᠪᠢᠴᠢᠬᠠᠨ᠂ ᠪᠥᠬᠡ ᠪᠤᠯᠤᠨ ᠬᠠᠶᠢᠷᠥᠪ ᠵᠡᠷᠭᠡ ᠨᠠᠰᠤ ᠪᠠᠷᠠᠭᠰᠠᠨ ᠨᠠᠰᠤᠲᠠᠶᠢᠴᠤᠳ ᠴᠦ ᠠᠷᠭᠠᠢ ᠨᠠᠭᠠᠲᠤᠮ ᠤᠨ ᠶᠤᠰᠤ | ᠲᠦᠷᠢᠮ ᠢ ᠪᠦᠷᠢᠨ ᠤᠢᠢᠯᠠᠭᠠᠵᠦ᠂ ᠠᠷᠭᠠᠢ ᠬᠠᠷᠪᠤᠬᠤ ᠤᠬᠠᠭᠠᠨ ᠢ ᠲᠤᠭᠤᠷᠲᠠᠯᠠ ᠮᠡᠳᠡᠳᠡᠭ ᠪᠠᠶᠢᠵᠠᠢ ᠬᠡᠵᠥ | ᠲᠡᠮᠳᠡᠭᠯᠡᠵᠥ ᠪᠠᠶᠢᠯ᠎ᠠ᠃ | | ᠪᠥᠬᠡᠪᠠᠭᠠᠳᠤᠷ ᠤᠨ ᠬᠠᠷᠢᠭᠤᠴᠠᠨ ᠬᠥᠢᠴᠡᠳᠭᠡᠭᠰᠡᠨ ᠮᠦᠰᠦᠨ ᠲᠡᠭᠡᠷᠡᠬᠢ ᠠᠷᠭᠠᠢ ᠨᠠᠭᠠᠲᠤᠮ ᠢ ᠥᠪᠡᠷᠳᠡᠭᠡᠨ | ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠦᠯᠦᠬᠡᠯᠡᠬᠦ ᠴᠢᠨᠠᠷᠲᠠᠢ ᠨᠡᠷᠡᠰ ᠲᠤ | ᠪᠦᠷᠢᠳᠭᠡᠬᠦᠯᠬᠦ ᠪᠠᠷ ᠡᠷᠡᠮᠡᠯᠵᠡᠯᠡᠭᠰᠡᠨ ᠪᠢᠴᠢᠭ ᠲᠤ ᠮᠥᠰᠥᠨ ᠳᠡᠭᠡᠷᠡᠬᠢ ᠠᠷᠭᠠᠢ ᠨᠠᠭᠠᠳᠤᠮ ᠤᠨ ᠡᠩ ᠤᠨ ᠣᠨᠴᠠᠯᠢᠭ ᠢ | ᠢᠡᠭᠬᠢᠵᠦ ᠲᠡᠮᠳᠡᠭᠯᠡᠭᠰᠡᠨ ᠪᠠᠶᠢᠲᠠᠭ᠄ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠪᠣᠯᠤᠭᠰᠠᠨ ᠤ ᠬᠤᠪᠢ ᠳᠤ᠂ | ᠲᠤᠰ ᠨᠠᠭᠠᠲᠤᠮ ᠤᠨ ᠣᠷᠣᠯᠴᠠᠭᠰᠠᠳ ᠪᠠ ᠦᠵᠡᠭᠴᠢᠳ ᠮᠠᠰᠢ ᠣᠯᠠᠨ ᠪᠠᠶᠢᠵᠤ᠂ ᠪᠡᠶ᠎ᠡ ᠮᠠᠬᠠᠪᠤᠳ ᠢᠶᠠᠨ ᠳᠠᠪᠲᠠᠨ | ᠪᠣᠯᠪᠠᠰᠤᠷᠠᠭᠤᠯᠬᠤ ᠦᠢᠯᠡᠲᠦᠯ ᠲᠠᠢ ᠮᠦᠷᠳᠡᠭᠡᠨ ᠵᠤᠭ᠎ᠠ ᠴᠡᠩᠭᠡᠯ ᠤᠨ ᠴᠢᠨᠠᠷ ᠲᠠᠢ ᠥᠷᠭᠡᠨ ᠳᠡᠯᠭᠡᠷ ᠣᠯᠠᠨ ᠲᠦᠮᠡᠨᠴᠢ | ᠴᠢᠨᠠᠷ ᠲᠠᠢ︔ ᠨᠡᠭᠦᠳᠡᠯ ᠮᠠᠯᠵᠢᠯ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠤ ᠵᠤᠬᠢᠴᠠᠭᠰᠠᠨ ᠤᠯᠠᠨ | ᠲᠦᠮᠡᠨᠴᠢ ᠬᠥᠳᠡᠯᠭᠡᠭᠡᠨ ᠪᠤᠯᠤᠬᠰᠠᠨ ᠤ ᠬᠤᠪᠢ ᠳᠤ᠂ ᠮᠥᠰᠥᠨ ᠳᠡᠭᠡᠷᠡᠬᠢ ᠠᠷᠭᠠᠢ ᠨᠠᠭᠠᠳᠤᠮ ᠨᠢ ᠮᠣᠩᠭᠤᠯ | ᠦᠨᠳᠦᠰᠦᠲᠡᠨ ᠤ ᠵᠠᠩ ᠦᠢᠯᠡ ᠲᠠᠢ ᠨᠢᠬᠲᠠ ᠬᠤᠯᠪᠤᠬᠳᠠᠲᠠᠭ᠃ ᠮᠥᠰᠥᠨ ᠳᠡᠭᠡᠷᠡᠬᠢ ᠠᠷᠭᠠᠢ ᠨᠠᠭᠠᠳᠤᠮ ᠨᠢ | ᠥᠪᠡᠷᠮᠢᠴᠡ ᠪᠠᠭᠠᠵᠢ ᠬᠡᠷᠡᠭᠰᠡᠯ ᠪᠠ ᠲᠦᠷᠢᠮ ᠭᠤᠷᠢᠮ ᠲᠠᠢ ᠪᠠᠶᠢᠵᠤ᠂ ᠢᠯᠡ ᠲᠣᠳᠣ ᠦᠨᠳᠦᠰᠦᠲᠡᠨ ᠤ | ᠣᠨᠴᠠᠯᠢᠭ ᠲᠠᠢ ᠮᠥᠷᠳᠡᠭᠡᠨ ᠣᠷᠣᠨ ᠨᠤᠲᠤᠭ ᠤᠨ ᠣᠨᠴᠠᠯᠢᠭ ᠲᠠᠢ︔ ᠣᠷᠣᠯᠴᠠᠬᠰᠠᠳ ᠮᠥᠰᠥᠨ ᠳᠡᠭᠡᠷ᠎ᠡ | ᠭᠦᠶᠦᠬᠦ ᠳᠡᠭᠡᠨ ᠪᠡᠶ᠎ᠡ ᠶᠢᠨ ᠲᠡᠩᠴᠡᠭᠦᠷᠢ ᠪᠠᠨ ᠪᠠᠲᠤᠯᠠᠵᠤ᠂ ᠡᠮᠦᠨᠡᠬᠢ ᠬᠠᠷᠠᠯᠲᠠ ᠪᠠᠨ ᠨᠠᠷᠢᠯᠢᠬ ᠠᠵᠢᠬᠯᠠᠵᠥ᠂ | ᠬᠤᠭᠤᠷᠤᠨᠳᠤᠬᠢ ᠵᠠᠢ ᠶᠢ ᠣᠨᠣᠪᠴᠢᠲᠠᠢ ᠮᠠᠭᠠᠳᠯᠠᠵᠤ᠂ ᠵᠣᠬᠢᠰᠲᠠᠢ ᠡᠷᠴᠢᠮᠯᠡᠬᠦ ᠬᠦᠴᠦ ᠪᠠᠷ ᠠᠷᠭᠠᠢ ᠶᠢ ᠬᠠᠷᠪᠤᠵᠤ | ᠭᠠᠷᠭᠠᠪᠠᠯ ᠰᠠᠶ᠋ᠢ ᠬᠠᠷᠠᠯᠲᠠ ᠶᠢ ᠣᠨᠣᠭᠠᠵᠤ ᠴᠢᠳᠠᠳᠠᠬ᠃ ᠡᠳᠡᠭᠡᠷ ᠡᠷᠳᠡᠮ ᠢ ᠪᠦᠷᠢᠯᠳᠦᠭᠦᠯᠪᠡᠯ ᠰᠠᠶᠢ ᠬᠠᠷᠠᠯᠲᠠ ᠶᠢ | ᠵᠦᠪ ᠣᠨᠣᠭᠠᠵᠤ ᠪᠤᠳᠤᠬᠰᠠᠨ ᠰᠠᠨᠠᠬᠰᠠᠨ ᠢᠶᠠᠨ ᠪᠡᠶᠡᠯᠡᠬᠦᠯᠵᠥ ᠴᠢᠳᠠᠳᠠᠬ ᠭᠡᠵᠦ ᠦᠵᠡᠵᠡᠭᠡᠳᠡᠭ ᠪᠠᠶᠢᠨ᠎ᠠ᠃ | ᠮᠣᠩᠭᠤᠯᠴᠤᠳ ᠡᠷᠲᠡᠨ ᠠᠴᠠ ᠪᠠᠨ ᠠᠪᠤᠭᠠᠳ ᠬᠠᠷᠪᠤᠵᠤ ᠨᠠᠮᠨᠠᠬᠤ ᠳᠠᠭᠠᠨ ᠴᠢᠳᠠᠮᠠᠭᠠᠢ ᠪᠠᠶᠢᠳᠠᠭ ᠨᠢ ᠮᠥᠰᠥᠨ | ᠳᠡᠭᠡᠷᠡᠬᠢ ᠠᠷᠭᠠᠢ ᠶᠢᠨ ᠦᠨᠳᠦᠰᠦᠨ ᠪᠣᠯᠪᠠᠰᠤᠷᠠᠯ ᠲᠠᠢ ᠰᠢᠭᠤᠳ ᠬᠤᠯᠪᠣᠭ᠎ᠠ ᠲᠠᠢ ᠶᠤᠮ᠃ | ᠬᠠᠮᠠᠭᠠᠯᠠᠨ ᠬᠥᠭᠵᠢᠬᠦᠯᠦᠰᠢᠳᠡᠢ ᠡᠬᠢ ᠪᠠᠶᠠᠯᠢᠬ | ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠨᠡᠭᠦᠳᠡᠯ ᠮᠠᠯᠵᠢᠯ ᠤᠨ ᠦᠢᠯᠡᠳᠪᠦᠷᠢᠯᠡᠯ ᠠᠮᠢᠳᠤᠷᠠᠯ ᠤᠨ | ᠰᠠᠭᠤᠷᠢᠨ ᠳᠡᠭᠡᠷ᠎ᠡ ᠪᠤᠢ ᠪᠤᠯᠤᠬᠰᠠᠨ ᠶᠤᠮ᠃ ᠲᠤᠰ ᠨᠠᠭᠠᠳᠤᠮ ᠨᠢ ᠦᠨᠳᠦᠰᠦᠲᠡᠨ ᠤ ᠤᠨᠴᠠᠯᠢᠬ᠂ ᠮᠠᠯᠵᠢᠬᠤ | ᠰᠤᠶᠤᠯ ᠤᠨ ᠤᠨᠴᠠᠯᠢᠬ᠂ ᠭᠠᠵᠠᠷ ᠤᠷᠤᠨ ᠤ ᠤᠨᠴᠠᠯᠢᠬ ᠢ ᠬᠠᠲᠠᠭᠠᠯᠠᠬᠰᠠᠨ ᠪᠤᠯᠬᠤᠷ ᠴᠢᠬᠤᠯᠠ ᠶᠡᠭᠡ ᠰᠤᠶᠤᠯ | ᠰᠤᠳᠤᠯᠤᠯ ᠤᠨ ᠦᠨ᠎ᠡ ᠦᠷᠳᠡᠭ ᠲᠠᠢ ᠪᠠᠶᠢᠲᠠᠭ ᠠᠵᠢ᠃ ᠮᠦᠰᠦᠨ ᠲᠡᠭᠡᠷᠡᠬᠢ ᠠᠷᠭᠠᠢ ᠨᠠᠭᠠᠲᠤᠮ ᠢ ᠠᠭᠤᠳᠠᠯᠬᠤ | ᠰᠤᠳᠤᠯᠬᠤ ᠨᠢ ᠡᠷᠲᠡᠨ ᠤ ᠮᠣᠩᠭᠤᠯᠴᠤᠳ ᠤᠨ ᠬᠦᠨ ᠤᠬᠠᠭᠠᠨ᠂ ᠪᠡᠶ᠎ᠡ ᠶᠢᠨ ᠲᠠᠮᠢᠷ ᠰᠤᠶᠤᠯ ᠵᠢᠴᠢ ᠨᠡᠶᠢᠬᠡᠮ ᠤᠨ | ᠬᠠᠮᠢᠶ᠎ᠠ ᠪᠦᠬᠦᠢ ᠠᠰᠠᠭᠤᠳᠠᠯ ᠢ ᠯᠠᠪᠰᠢᠷᠠᠭᠤᠯᠤᠨ ᠰᠤᠲᠤᠯᠬᠤ ᠳᠤ ᠮᠠᠰᠢ ᠴᠢᠬᠤᠯᠠ ᠦᠢᠯᠡᠲᠦᠯ ᠲᠠᠢ ᠪᠠᠶᠢᠲᠠᠭ᠃ | ᠨᠡᠶᠢᠭᠡᠮ ᠤᠨ ᠬᠤᠪᠢᠷᠠᠯᠲᠠ ᠠᠴᠠ ᠪᠤᠯᠵᠦ ᠰᠤᠶᠤᠯ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠬᠡᠯᠪᠡᠷᠢ ᠨᠢ ᠴᠤ | ᠲᠠᠰᠤᠷᠠᠯᠳᠠ ᠥᠬᠡᠢ ᠬᠤᠪᠢᠷᠠᠨ ᠰᠢᠨᠠᠳᠴᠤ ᠪᠠᠶᠢᠳᠠᠬ᠃ ᠠᠷᠤ ᠬᠤᠷᠴᠢᠨ ᠬᠤᠰᠢᠭᠤᠨ ᠤ ᠰᠤᠶᠤᠯ ᠪᠡᠶ᠎ᠠ ᠶᠢᠨ ᠲᠠᠮᠢᠷ | ᠷᠠᠳᠢᠣ᠋ ᠲᠧᠯᠸᠢᠰ ᠤᠨ ᠲᠤᠪᠴᠢᠶ᠎ᠠ ᠶᠢᠨ ᠬᠠᠷᠢᠭᠤᠴᠠᠯᠭᠠᠳᠠᠳ ᠠᠷᠭᠠᠢ ᠨᠠᠭᠠᠳᠤᠮ ᠤᠨ ᠬᠤᠪᠢᠷᠠᠯᠳᠠ ᠬᠥᠭᠵᠢᠯᠳᠠ ᠶᠢᠨ | ᠲᠤᠬᠠᠢ ᠢᠡᠭᠬᠢᠵᠦ ᠬᠤᠷᠢᠶᠠᠩᠭᠤᠢᠢᠯᠠᠬᠰᠠᠨ ᠪᠠᠶᠢᠨ᠎ᠠ᠄ ᠨᠢᠬᠡ ᠳᠤ᠂ ᠦᠡᠭᠭᠡᠷᠡᠭᠰᠡᠨ ᠤ ᠨᠡᠬᠦᠳᠡᠯ ᠮᠠᠯᠵᠢᠯ ᠤᠨ | ᠦᠢᠯᠡᠳᠪᠦᠷᠢᠯᠡᠯ ᠠᠮᠢᠲᠤᠷᠠᠯ ᠤᠨ ᠤᠨᠴᠠᠯᠢᠬ ᠠᠴᠠ ᠪᠤᠯᠵᠦ᠂ ᠮᠤᠩᠭᠤᠯᠴᠤᠳ ᠤᠨ ᠰᠣᠶᠣᠯ ᠲᠠᠮᠢᠷ ᠨᠢ ᠴᠦ ᠲᠠᠯ᠎ᠠ | ᠨᠤᠲᠤᠭ ᠤᠨ ᠨᠡᠭᠦᠳᠡᠯ ᠮᠠᠯᠵᠢᠯ ᠤᠨ ᠣᠨᠴᠠᠯᠢᠭ ᠢᠶᠠᠨ ᠬᠠᠳᠠᠭᠠᠯᠠᠵᠥ᠂ ᠬᠠᠬᠢᠷ ᠬᠦᠢᠲᠡᠨ ᠡᠪᠦᠯ ᠤᠨ ᠤᠯᠠᠷᠢᠯ ᠳᠤ ᠠᠩ | ᠬᠦᠷᠦᠬᠡ ᠠᠩᠨᠠᠬᠤ ᠠᠴᠠ ᠭᠠᠳᠠᠨ᠎ᠠ᠂ ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠪᠡᠶ᠎ᠡ ᠪᠠᠨ ᠴᠢᠬᠢᠷᠠᠭᠵᠢᠭᠤᠯᠬᠤ | ᠬᠠᠮᠤᠭ ᠤᠨ ᠰᠠᠶᠢᠨ ᠲᠠᠮᠢᠷ ᠤᠨ ᠬᠥᠳᠡᠯᠭᠡᠭᠡᠨ ᠪᠤᠯᠵᠥ ᠪᠠᠶᠢᠪᠠ᠃ ᠬᠡᠪᠡᠴᠦ ᠣᠳᠣ ᠦᠶ᠎ᠡ ᠶᠢᠨ ᠰᠠᠭᠤᠷᠢᠰᠢᠯ | ᠠᠮᠢᠲᠤᠷᠠᠯ ᠤᠨ ᠤᠨᠴᠠᠯᠢᠬ ᠨᠢ ᠤᠰᠤᠨ ᠤ ᠲᠤᠩᠭᠠᠯᠠᠭ ᠡᠪᠡᠰᠦᠨ ᠤ ᠰᠤᠷᠭᠤᠭ ᠢ ᠳᠠᠭᠠᠵᠦ ᠮᠠᠯᠵᠢᠲᠠᠭ ᠨᠡᠭᠦᠳᠡᠯ | ᠠᠮᠢᠳᠤᠷᠠᠯ ᠲᠠᠢ ᠬᠠᠷᠢᠴᠠᠭᠤᠯᠪᠠᠯ᠂ ᠨᠠᠭᠤᠷ ᠲᠣᠭᠤᠷᠢᠮ ᠪᠠ ᠭᠤᠣᠯ ᠮᠥᠷᠡᠨ ᠠᠴᠠ ᠬᠠᠷᠢᠴᠠᠩᠭᠤᠢ ᠬᠤᠯᠠᠳᠠᠭᠰᠠᠨ | ᠰᠢᠭ᠋ ᠪᠤᠯᠵᠠᠢ᠃ ᠡᠳᠡᠭᠡᠷ ᠨᠢ ᠪᠤᠰᠤᠳᠴᠢ ᠲᠠᠯ᠎ᠠ ᠠᠴᠠ ᠮᠥᠰᠥᠨ ᠳᠡᠭᠡᠷᠡᠬᠢ ᠠᠷᠭᠠᠢ ᠨᠠᠭᠠᠲᠤᠮ ᠤᠨ ᠪᠠᠶᠢᠡᠭᠭᠤ ᠶᠢᠨ | ᠴᠢᠨᠠᠷᠲᠠᠢ ᠵᠤᠬᠢᠶᠠᠨ ᠪᠠᠶᠢᠭᠤᠯᠤᠬᠲᠠᠬᠤ ᠶᠢ ᠬᠠᠷᠰᠢᠯᠠᠬᠤ ᠬᠦᠴᠦᠨ ᠵᠦᠢᠯ ᠪᠤᠯᠤᠬᠰᠨᠨ ᠪᠠᠶᠢᠨ᠎ᠠ᠃ ᠰᠠᠭᠤᠷᠢᠰᠢᠯ | ᠠᠮᠢᠲᠤᠷᠠᠯ ᠤᠨ ᠤᠨᠴᠠᠯᠢᠭ ᠲᠤ ᠲᠤᠬᠢᠷᠠᠬᠰᠠᠨ ᠡᠯ᠎ᠡ ᠵᠦᠢᠯ ᠤᠨ ᠪᠥᠮᠪᠦᠭᠡ ᠶᠢᠨ ᠲᠥᠷᠥᠯ ᠪᠠ ᠰᠢᠲᠠᠷ᠎ᠠ ᠶᠢᠨ ᠲᠥᠷᠥᠯ | ᠵᠦᠢᠯ ᠨᠢ ᠤᠲᠠᠭᠠᠨ ᠳᠠᠭᠠᠨ ᠨᠡᠩ ᠤᠯᠠᠨ ᠬᠦᠮᠦᠰ ᠢ ᠲᠠᠲᠠᠬᠤ ᠪᠤᠯᠪᠠ᠃ ᠬᠤᠶᠠᠷ ᠲᠤ᠂ ᠬᠤᠳᠠ | ᠪᠠᠯᠭᠠᠰᠤᠵᠢᠯᠳᠡ ᠶᠢᠨ ᠨᠥᠯᠥᠭᠡ ᠠᠴᠠ ᠪᠤᠯᠤᠬᠰᠠᠨ ᠪᠠᠶᠢᠨ᠎ᠠ᠃ ᠤᠲᠤ ᠬᠤᠲᠠ ᠤᠷᠤᠭᠰᠠᠨ ᠮᠤᠩᠭᠤᠯᠴᠤᠳ ᠤᠨ | ᠲᠤᠭ᠎ᠠ ᠬᠡᠮᠵᠢᠶ᠎ᠡ ᠶᠢᠨ ᠨᠡᠮᠡᠭᠳᠡᠯ ᠪᠠ ᠤᠷᠴᠢᠨ ᠲᠣᠭᠤᠷᠢᠨ ᠤ ᠨᠦᠯᠦᠬᠡᠯᠡᠯ ᠠᠴᠠ ᠪᠤᠯᠵᠦ᠂ ᠨᠡᠩ ᠤᠯᠠᠨ ᠬᠦᠮᠦᠰ ᠤᠨ | ᠮᠥᠰᠥᠨ ᠳᠡᠭᠡᠷᠡᠬᠢ ᠠᠷᠭᠠᠢ ᠨᠠᠭᠠᠳᠤᠮ ᠤᠨ ᠬᠥᠳᠡᠯᠭᠡᠭᠡᠨ ᠳᠤ ᠣᠷᠣᠯᠴᠠᠬᠤ ᠪᠤᠯᠤᠮᠵᠢ ᠶᠢ ᠪᠠᠭ᠎ᠠ ᠪᠤᠯᠭᠠᠵᠠᠢ᠃ | ᠬᠤᠲᠠ ᠪᠠᠯᠭᠠᠰᠦᠵᠢᠯᠲᠠ᠂ ᠨᠡᠶᠢᠬᠡᠮ ᠠᠵᠦ ᠠᠬᠤᠢ ᠶᠢᠨ ᠬᠦᠭᠵᠢᠯᠳᠡ ᠵᠡᠷᠭᠡ ᠶᠡᠭᠡ ᠲᠠᠯ᠎ᠠ ᠶᠢᠨ ᠰᠢᠯᠲᠠᠭᠠᠨ᠂ ᠠᠷᠭᠠᠢ | ᠨᠠᠭᠠᠲᠤᠮ ᠢ ᠤᠢᠢᠯᠠᠭᠠᠬᠤ᠂ ᠠᠷᠭᠠᠢ ᠨᠠᠭᠠᠲᠤᠮ ᠤᠨ ᠲᠦᠷᠢᠮ ᠭᠤᠷᠢᠮ ᠢ ᠮᠡᠳᠡᠬᠦ ᠬᠦᠮᠦᠰ ᠴᠦᠭᠡᠷᠡᠭᠰᠡᠨ ᠵᠡᠷᠭᠡ | ᠪᠤᠰᠤᠳᠴᠢ ᠰᠢᠯᠲᠠᠭᠠᠨ ᠠᠴᠠ ᠪᠤᠯᠵᠦ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠣᠶᠣᠯ ᠤᠨ ᠥᠪ ᠪᠤᠯᠤᠬᠰᠠᠨ | ᠮᠥᠰᠥᠨ ᠳᠡᠭᠡᠷᠡᠬᠢ ᠠᠷᠭᠠᠢ ᠨᠠᠭᠠᠳᠤᠮ ᠨᠢ ᠤᠰᠠᠳᠬᠤ ᠠᠶᠤᠯ ᠳᠤ ᠲᠤᠯᠭᠠᠷᠠᠪᠠ᠃ | | ᠡᠨᠡ ᠬᠦ ᠬᠤᠪᠤᠷ ᠴᠤᠬᠠᠭ ᠦᠨᠲᠦᠰᠦᠳᠡᠨ ᠤ ᠮᠦᠰᠦᠨ ᠲᠡᠭᠡᠷᠡᠬᠢ ᠲᠠᠮᠢᠷ ᠤᠨ ᠬᠦᠳᠡᠯᠭᠡᠭᠡᠨ ᠤ ᠦᠪ | ᠰᠤᠶᠤᠯ ᠢᠶᠠᠨ ᠤᠯᠠᠮ ᠰᠠᠶᠢᠲᠦᠷ ᠤᠯᠠᠮᠵᠢᠯᠠᠨ ᠬᠦᠭᠵᠢᠬᠦᠯᠬᠦ ᠶᠢᠨ ᠲᠦᠯᠦᠬᠡ᠂ ᠠᠷᠤ ᠬᠤᠷᠴᠢᠨ ᠬᠤᠰᠢᠭᠤ ᠨᠢ | 2007 ᠤᠨ ᠳᠤ᠂ ᠮᠦᠰᠦᠨ ᠲᠡᠭᠡᠷᠡᠬᠢ ᠠᠷᠭᠠᠢ ᠨᠠᠭᠠᠲᠤᠮ ᠢᠶᠠᠨ ᠦᠪᠡᠷᠳᠡᠭᠡᠨ ᠵᠠᠰᠠᠬᠤ ᠤᠷᠤᠨ ᠤ ᠲᠡᠰ ᠤᠨ | ᠪᠤᠲᠠᠰ ᠤᠨ ᠪᠤᠰᠤ ᠰᠤᠶᠤᠯ ᠤᠨ ᠦᠪ ᠤᠨ ᠨᠡᠷᠡᠰ ᠢᠶᠠᠷ ᠪᠦᠷᠢᠳᠭᠡᠬᠦᠯᠵᠦ᠂ ᠬᠠᠨᠰᠦ᠋ᠮ᠎ᠠ ᠰᠤᠮᠤ ᠶᠢᠨ ᠠᠮᠠᠰᠠᠷ | ᠭᠠᠴᠠᠭ᠎ᠠ ᠳᠤ ᠪᠠᠰᠠ ︽ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ — | ᠠᠷᠭᠠᠢ ᠨᠠᠭᠠᠲᠤᠮ ᠢ ᠤᠯᠠᠮᠵᠢᠯᠠᠨ ᠬᠠᠮᠠᠭᠠᠯᠠᠬᠤ ᠰᠠᠭᠤᠷᠢᠨ ᠭᠠᠵᠠᠷ︾ ᠤᠨ ᠫᠠᠶᠢᠰᠠ ᠡᠯᠬᠦᠵᠦ᠂ ᠵᠢᠯ ᠪᠦᠷᠢ ᠠᠷᠭᠠᠢ | ᠨᠠᠭᠠᠲᠤᠮ ᠢ ᠵᠤᠬᠢᠶᠠᠨ ᠪᠠᠶᠢᠭᠤᠯᠵᠦ᠂ ᠬᠡᠦᠬᠡᠳ ᠪᠠᠭᠠᠴᠤᠳ ᠢ ᠢᠯᠡᠬᠦᠬᠡᠨ ᠤᠷᠤᠯᠴᠠᠭᠤᠯᠵᠦ᠂ ᠠᠷᠭᠠᠢ ᠨᠠᠭᠠᠲᠤᠮ ᠤᠨ | ᠶᠤᠰᠤ ᠭᠤᠷᠢᠮ ᠢ ᠤᠯᠠᠮᠵᠢᠯᠠᠨ᠂ ᠨᠡᠩ ᠤᠯᠠᠨ ᠬᠦᠮᠦᠰ ᠲᠤ ᠠᠷᠭᠠᠢ ᠨᠠᠭᠠᠲᠤᠮ ᠢ ᠲᠠᠨᠢᠭᠤᠯᠤᠨ᠂ ᠲᠡᠲᠡᠨᠤᠰ ᠢ ᠠᠷᠭᠠᠢ | ᠨᠠᠭᠠᠲᠤᠮ ᠳᠤ ᠢᠯᠡᠬᠦᠬᠡᠨ ᠤᠷᠤᠯᠴᠠᠬᠤ ᠶᠢ ᠨᠢ ᠵᠤᠷᠢᠬᠵᠢᠭᠤᠯᠵᠦ᠂ ᠠᠷᠭᠠᠢ ᠨᠠᠭᠠᠲᠤᠮ ᠢᠶᠠᠨ ᠤᠯᠠᠮ ᠴᠠᠭᠠᠰᠢᠲᠠ | ᠬᠦᠭᠵᠢᠬᠦᠯᠵᠦ ᠪᠤᠢ᠃ ᠤᠢᠢᠯᠠᠭᠠᠭᠰᠠᠨ ᠢᠶᠠᠷ᠂ ᠤᠲᠤ ᠠᠷᠤ ᠬᠤᠷᠴᠢᠨ ᠬᠤᠰᠢᠭᠤ ᠨᠢ ᠠᠷᠭᠠᠢ ᠨᠠᠭᠠᠲᠤᠮ ᠢᠶᠠᠨ ᠶᠠᠭ | ᠰᠠᠶᠢᠬᠠᠨ ᠤᠯᠤᠰ ᠤᠨ ᠲᠡᠰ ᠤᠨ ᠪᠤᠲᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠢᠶᠠᠷ | ᠪᠦᠷᠢᠳᠭᠡᠬᠦᠯᠬᠦ ᠪᠠᠷ ᠮᠡᠳᠡᠬᠦᠯᠦᠬᠡᠳ ᠪᠠᠶᠢᠨ᠎ᠠ᠃ | ︽ᠲᠤᠰᠬᠠᠶ ᠮᠡᠷᠭᠡᠵᠢᠯᠲᠡᠨ ᠢᠶᠠᠷ ᠵᠢᠯᠣᠭᠤᠳᠣᠭᠤᠯᠤᠭᠰᠠᠨ᠂ ᠠᠷᠤ ᠬᠤᠷᠴᠢᠨ ᠬᠤᠰᠢᠭᠤᠨ ᠤ ᠭᠤᠤᠯ | ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠠᠷᠤ ᠬᠤᠷᠴᠢᠨ ᠬᠤᠰᠢᠭᠤᠨ ᠤ ᠮᠥᠰᠥᠨ ᠳᠡᠭᠡᠷᠡᠬᠢ | ᠠᠷᠭᠠᠢ ᠨᠠᠭᠠᠳᠤᠮ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠤᠶᠤᠯ ᠤᠨ | ᠥᠪ ᠢ ᠬᠠᠮᠠᠭᠠᠯᠠᠬᠤ ᠤᠳᠤᠷᠢᠳᠬᠤ ᠳᠤᠭᠤᠶᠢᠯᠠᠩ ᠪᠠ ᠠᠷᠤ ᠬᠤᠷᠴᠢᠨ ᠬᠤᠰᠢᠭᠤ ᠶᠢᠨ ᠰᠣᠶᠣᠯ ᠪᠡᠶ᠎ᠡ ᠶᠢᠨ ᠲᠠᠮᠢᠷ | ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠬᠠᠷᠢᠭᠤᠴᠠᠯᠭᠠᠲᠠᠨ ᠪᠣᠯᠭᠠᠭᠰᠠᠨ | ᠠᠷᠤ ᠬᠤᠷᠴᠢᠨ ᠬᠤᠰᠢᠭᠤᠨ ᠤ ᠮᠥᠰᠥᠨ ᠳᠡᠭᠡᠷᠡᠬᠢ ᠠᠷᠭᠠᠢ ᠨᠠᠭᠠᠳᠤᠮ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ | ᠰᠤᠶᠤᠯ ᠤᠨ ᠥᠪ ᠢ ᠬᠠᠮᠠᠭᠠᠯᠠᠬᠤ ᠠᠵᠢᠯ ᠤᠨ ᠠᠯᠪᠠᠨ ᠭᠡᠷ ᠢ ᠪᠠᠶᠢᠭᠤᠯᠵᠤ᠂ ᠰᠤᠶᠤᠯ ᠤᠨ ᠥᠪ ᠢ ᠠᠭᠤᠳᠠᠯᠬᠤ᠂ | ᠠᠪᠤᠷᠠᠨ ᠬᠠᠮᠠᠭᠠᠯᠠᠬᠤ᠂ ᠬᠦᠭᠵᠢᠬᠦᠯᠬᠦ ᠠᠵᠢᠯ ᠢ ᠰᠢᠰᠲ᠋ᠧᠮᠵᠢᠬᠦᠯᠦᠨ ᠵᠤᠬᠢᠶᠠᠨ ᠪᠠᠶᠢᠭᠤᠯᠪᠠᠯ ᠵᠤᠬᠢᠨ᠎ᠠ︾ ᠬᠡᠵᠥ | ᠪᠦᠬᠡᠪᠠᠭᠠᠲᠦᠷ ᠠᠷᠭᠠᠢ ᠨᠠᠭᠠᠲᠤᠮ ᠢ ᠭᠡᠷᠬᠢᠨ ᠤᠯᠠᠮᠵᠢᠯᠠᠵᠦ ᠬᠦᠭᠵᠢᠬᠦᠯᠬᠦ ᠲᠤᠬᠠᠢ ᠦᠪᠡᠷ ᠤᠨ ᠰᠠᠨᠠᠯ ᠪᠤᠲᠤᠯ ᠪᠠ | ᠬᠤᠵᠢᠮ ᠤᠨ ᠠᠵᠢᠯ ᠤᠨ ᠲᠦᠯᠦᠪᠯᠡᠭᠡ ᠪᠠᠨ ᠰᠤᠷᠪᠤᠯᠵᠢᠯᠠᠬᠴᠢ ᠳᠤ ᠶᠠᠷᠢᠵᠦ ᠪᠢᠯᠡ᠃ ᠠᠷᠭᠠᠢ ᠬᠠᠷᠪᠤᠭᠠᠴᠢ ᠶᠢ | ᠬᠦᠮᠦᠵᠢᠬᠦᠯᠬᠦ᠂ ᠠᠷᠭᠠᠢ ᠬᠢᠬᠦ ᠠᠷᠭ᠎ᠠ ᠮᠠᠶ᠋ᠢᠭ ᠢ ᠦᠪᠯᠡᠨ ᠤᠯᠠᠮᠵᠢᠯᠠᠬᠤ᠂ ᠮᠥᠰᠥᠨ ᠳᠡᠭᠡᠷᠡᠬᠢ ᠠᠷᠭᠠᠢ | ᠨᠠᠭᠠᠲᠤᠮ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠡᠯ᠎ᠡ ᠵᠦᠶ᠋ᠯ ᠤᠨ ᠳᠦᠷᠢᠮ ᠵᠡᠷᠭᠡ ᠶᠢ ᠤᠯᠠᠮ ᠴᠠᠭᠠᠰᠢᠲᠠ | ᠲᠦᠷᠢᠮᠵᠢᠬᠦᠯᠬᠦ ᠵᠡᠷᠭᠡ ᠪᠤᠯ ᠬᠤᠵᠢᠮ ᠬᠤᠶᠢᠰᠢᠲᠠ ᠠᠯᠬᠤᠮ ᠬᠤᠪᠢᠶᠠᠵᠦ᠂ ᠲᠦᠷᠦᠯᠵᠢᠬᠦᠯᠦᠨ ᠬᠦᠢᠴᠡᠳᠭᠡᠬᠦ | ᠴᠢᠬᠤᠯᠠᠲᠠᠢ ᠠᠵᠢᠯ ᠤᠳ ᠪᠤᠯᠤᠨ᠎ᠠ᠃ | ︵ᠲᠤᠰ ᠵᠤᠬᠢᠶᠠᠯ ᠤᠨ ᠭᠡᠷᠡᠯ ᠵᠢᠷᠤᠬ ᠢ ᠠᠷᠤ ᠬᠤᠷᠴᠢᠨ ᠬᠤᠰᠢᠭᠤ ᠶᠢᠨ ᠰᠤᠶᠤᠯ ᠪᠡᠶ᠎ᠠ ᠶᠢᠨ ᠲᠠᠮᠢᠷ ᠷᠠᠳᠢᠣ᠋ | ᠲᠧᠯᠸᠢᠰ ᠲᠤᠪᠴᠢᠶ᠎ᠠ ᠶᠢᠨ ᠪᠥᠬᠡᠪᠠᠭᠠᠳᠤᠷ ᠬᠠᠨᠭ᠍ᠭᠠᠪᠠ︶ |