ᠲᠠᠨ ᠵᠢᠩ ᠹᠧᠩ ᠲᠣᠪᠴᠢᠶᠠᠨ ᠳᠠᠷᠤᠭ᠎ᠠ ᠠᠵᠢᠯ ᠤᠨ ᠬᠠᠷᠢᠭᠤ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2020/6/16
   6 ᠰᠠᠷ᠎ᠠ ᠶᠢᠨ 11 ᠤ ᠡᠳᠦᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠳᠡᠳ᠋ ᠳᠠᠷᠤᠭ᠎ᠠ ᠯᠢ ᠵᠢᠶᠠᠨ ᠮᠢᠩ ᠪᠡᠭᠡᠵᠢᠩ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠲᠠᠨ ᠵᠢᠩ ᠹᠧᠩ ᠤᠨ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᡁᠢ ᠶᠸᠦ ᠪᠠᠷ᠎ᠠ ᠪᠣᠯᠪᠠ᠃    ᠯᠢ ᠵᠢᠶᠠᠨ ᠮᠢᠩ ᠳᠡᠳ᠋ ᠲᠣᠪᠴᠢᠶᠠᠨ ᠳᠠᠷᠤᠭ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠭᠦᠢᠴᠡᠳ ᠨᠤᠳᠠᠯᠠᠪᠠ᠃ ᠲᠡᠷᠡ ᠥᠪᠥᠷ ᠮᠣᠩᠭᠤᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠦᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦᠨ ᠵᠡᠷᠭᠡ ᠲᠠᠯ᠎ᠠ ᠪᠠᠷ ᠯᠤᠲᠤ ᠶᠡᠭᠡ ᠬᠤᠪᠢ ᠨᠡᠮᠡᠷᠢ ᠦᠵᠡᠭᠦᠯᠪᠡ᠂ ᠲᠠᠷᠠᠭᠠᠴᠢ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ ᠪᠡᠯᠡᠳᠬᠡᠯ ᠠᠵᠢᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠢᠵᠢᠭ ᠤᠨ ᠪᠠᠶᠢᠳᠠᠯ ᠤᠨ ᠤᠷᠤᠯᠳᠤᠭᠠᠨ ᠳᠤ ᠦᠵᠡᠭᠦᠯᠬᠦ ᠨᠦᠯᠦᠭᠡ ᠶᠢ ᠠᠯᠢ ᠴᠢᠳᠠᠬᠤ ᠪᠠᠷ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠪᠡ᠃    ᠲᠠᠨ ᠵᠢᠩ ᠹᠧᠩ ᠲᠣᠪᠴᠢᠶᠠᠨ ᠳᠠᠷᠤᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠠᠵᠢᠯ ᠢᠶᠠᠨ ᠬᠠᠷᠢᠭᠤ ᠮᠡᠳᠡᠭᠦᠯᠪᠡ᠃ ᠲᠡᠷᠡ ᠥᠪᠥᠷ ᠮᠣᠩᠭᠤᠯ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠬᠦ ᠶᠢ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠭᠠᠷᠤᠶ ᠵᠢᠯ ᠤᠨ ᠲᠤᠷᠰᠢᠬᠢ ᠶᠡᠭᠡ ᠶᠠᠪᠤᠳᠠᠯ ᠪᠣᠯᠭᠠᠨ ᠬᠠᠨᠳᠤᠵᠤ᠂ ᠪᠥᠬᠦ ᠣᠷᠣᠨ ᠤ ᠡᠯ᠎ᠡ ᠡᠲᠡᠭᠡᠳ ᠤᠨ ᠠᠷᠠᠳ ᠣᠯᠠᠨ ᠬᠦᠰᠡᠨ ᠬᠦᠯᠢᠶᠡᠵᠦ ᠪᠠᠶᠢᠨ᠎ᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠡᠬᠢᠯᠡᠭᠦᠯᠦᠭᠰᠡᠨ ᠠᠴᠠ ᠨᠠᠰᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠯᠠᠮᠵᠢᠯᠠᠯ ᠵᠢᠯᠣᠭᠤᠳᠣᠯᠭ᠎ᠠ ᠳᠣᠤᠷ᠎ᠠ᠂ ᠦᠪᠦᠷ ᠮᠣᠩᠭᠤᠯ ᠲᠠᠯᠠᠪᠠᠶ ᠣᠷᠳᠣᠨ ᠤ ᠪᠥᠲᠥᠭᠡᠨ ᠪᠠᠶᠢᠭᠤᠯᠤᠯᠲᠠ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂  ᠤᠬᠠᠭᠤᠯᠤᠨ ᠮᠡᠳᠡᠭᠡᠯᠡᠬᠦ᠂ ᠠᠷᠠᠯᠵᠢᠶᠠᠴᠢᠨ ᠤᠷᠢᠵᠤ ᠳᠡᠮᠵᠢᠯᠭᠡ ᠦᠵᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠶ᠃ ᠡᠭᠦᠨ ᠤ ᠬᠠᠮᠲᠤ ᠭᠤᠷᠪᠠᠨ ᠤ ᠨᠢᠭᠡ ᠬᠤᠪᠢ ᠠᠴᠠ ᠳᠡᠭᠡᠭᠰᠢᠬᠢ ᠤᠷᠤᠯᠳᠤᠭᠠᠨ ᠨᠢᠭᠡᠨᠲᠡ ᠲᠠᠭᠤᠰᠪᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠯᠪᠣᠭᠳᠠᠯ ᠪᠥᠬᠦᠶ ᠠᠵᠢᠯ ᠢ ᠵᠦᠶ ᠵᠣᠬᠢᠰᠲᠠᠶ ᠲᠣᠬᠢᠷᠠᠭᠤᠯᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号