ᠪᠡᠶ᠎ᠡ ᠶᠢᠨ ᠲᠠᠮᠢᠷ ᠤᠨ ᠣᠷᠳᠣᠨ ᠢ ᠰᠦᠢᠳᠭᠡᠯ ᠬᠤᠷᠢᠶᠠᠬᠤ ᠦᠭᠡᠢ ᠪᠠᠷ ᠨᠡᠭᠡᠭᠡᠨ᠎ᠡ
ᠨᠡᠶᠢᠲᠡᠯᠡᠭᠰᠡᠨ ᠴᠠᠭ᠄
2020/6/3
    ᠡᠨᠡ ᠵᠢᠯ ᠦᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ ᠢ ᠭᠠᠷᠠᠭ ᠪᠦᠷᠢ ᠶᠢᠨ ᠭᠠᠷᠠᠭ ᠤᠨ ᠨᠢᠭᠡᠨ ᠪᠠ ᠬᠡᠰᠡᠭ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠣᠯᠠᠨ ᠨᠡᠶᠢᠲᠡ ᠳᠤ ᠰᠦᠶ᠋ᠳᠬᠡᠯ ᠬᠤᠷᠢᠶᠠᠬᠤ ᠦᠭᠡᠢ ᠪᠠᠷ ᠨᠡᠭᠡᠭᠡᠨ᠎ᠠ᠃     ᠥᠢᠯᠠᠭᠠᠬᠰᠠᠨ ᠢᠶᠠᠷ᠂ ᠥᠪᠥᠷ ᠮᠤᠩᠭᠤᠯ ᠤᠨ ᠪᠡᠶ᠎ᠠ ᠶᠢᠨ ᠲᠠᠮᠢᠷ ᠤᠨ ᠤᠷᠳᠤᠨ ᠨᠢᠬᠡ ᠵᠢᠯ ᠤᠨ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ ᠡᠳᠤᠷ ᠢ ᠨᠠᠭᠠᠳᠤ ᠵᠠᠬ᠎ᠠ ᠳᠠᠭᠠᠨ 55 ᠡᠳᠦᠷ ᠢᠶᠠᠷ ᠬᠢᠵᠠᠭᠠᠷᠯᠠᠬᠤ ᠪᠠᠷ ᠲᠤᠬᠳᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠵᠥᠭᠰᠢᠷᠡᠬᠦ ᠶᠢ ᠳᠠᠭᠠᠯᠳᠤᠨ᠂ ᠥᠪᠥᠷ ᠮᠤᠩᠭᠤᠯ ᠤᠨ ᠪᠡᠶ᠎ᠠ ᠶᠢᠨ ᠲᠠᠮᠢᠷ ᠤᠨ ᠤᠷᠳᠤᠨ ᠥᠳᠥᠨ ᠪᠥᠮᠪᠦᠭᠡ᠂ ᠲᠣᠤᠷ ᠪᠥᠮᠪᠦᠭᠡ᠂ ᠫᠢᠩᠫᠠᠩ ᠪᠥᠮᠪᠦᠭᠡ ᠵᠡᠷᠭᠡ 13 ᠦᠢᠯᠡᠴᠢᠯᠡᠭᠡᠨ ᠤ ᠲᠥᠷᠥᠯ ᠵᠦᠢᠯ ᠢ ᠪᠡᠶᠡᠴᠢᠯᠡᠨ ᠣᠶᠢᠯᠠᠭᠠᠬᠤ ᠲᠡᠮᠳᠡᠭᠳᠤ ᠶᠢ ᠣᠯᠠᠨ ᠨᠡᠶᠢᠲᠡ ᠳᠤ ᠦᠨ᠎ᠡ ᠲᠥᠯᠥᠪᠦᠷᠢ ᠦᠭᠡᠶ ᠪᠠᠷ ᠲᠠᠷᠬᠠᠭᠠᠵᠤ᠂ ᠣᠯᠠᠨ ᠲᠦᠮᠡᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠳᠠᠢ ᠣᠷᠣᠯᠴᠠᠬᠤ ᠶᠢ ᠵᠣᠷᠢᠭᠵᠢᠭᠤᠯᠵᠤ ᠪᠤᠢ᠃ ᠥᠪᠥᠷ ᠮᠤᠩᠭᠤᠯ ᠤᠨ ᠪᠡᠶ᠎ᠠ ᠶᠢᠨ ᠲᠠᠮᠢᠷ ᠤᠨ ᠤᠷᠳᠤᠨ 2018 ᠣᠨ ᠠᠴᠠ ᠨᠠᠭᠠᠰᠢ᠂ ᠨᠠᠩ ᠣᠯᠠᠨ ᠬᠥᠮᠥᠰ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ︽ᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠴᠣᠭᠴᠠ︾ ᠶᠢ ᠢᠳᠡᠪᠬᠢᠲᠡᠶ ᠪᠠᠶᠢᠭᠤᠯᠵᠤ᠂ ᠲᠠᠯᠠᠪᠠᠶ ᠣᠷᠳᠣᠨ ᠤ ᠰᠤᠯᠠ ᠰᠡᠯᠡᠬᠦᠤ ᠤᠷᠤᠨ ᠵᠠᠢ ᠶᠢᠨ ᠡᠬᠢ ᠪᠠᠶᠠᠯᠢᠭ ᠢᠶᠠᠨ ᠭᠦᠶ᠋ᠴᠡᠳ ᠠᠰᠢᠬᠯᠠᠵᠥ᠂ ᠰᠠᠭᠰᠤᠨ ᠪᠥᠮᠪᠦᠭᠡ ᠶᠢᠨ ᠣᠷᠳᠣᠨ ᠢ ᠰᠢᠨ᠎ᠡ ᠪᠠᠷ ᠪᠠᠶᠢᠭᠤᠯᠵᠤ᠂ ᠬᠡᠤᠬᠡᠳ ᠤᠨ ᠪᠤᠯᠪᠠᠰᠤᠷᠠᠬᠤ ᠲᠥᠪ᠂ ᠰᠡᠯᠡᠮ᠎ᠡ ᠶᠢᠨ ᠲᠡᠮᠡᠴᠡᠭᠡᠨ ᠤ ᠲᠥᠪ᠂ BMX ᠵᠢᠵᠢᠭ ᠬᠦᠷᠳᠦᠲᠦ ᠲᠡᠷᠭᠡ ᠪᠠ ᠭᠤᠯᠭᠤᠭ᠎ᠠ ᠠᠯᠬᠤᠮ ᠤᠨ ᠲᠥᠪ ᠢ ᠰᠢᠨ᠎ᠡ ᠪᠠᠷ ᠨᠡᠮᠡᠵᠦ ᠪᠠᠶᠢᠭᠤᠯᠤᠬᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号