︽ᠦᠪᠡᠷ ᠢ ᠪᠠᠨ ᠲᠠᠰᠤᠷᠠᠯ ᠦᠭᠡᠢ ᠲᠠᠪᠳᠠᠨ ᠲᠡᠭᠦᠯᠳᠡᠷᠵᠢᠭᠦᠯᠵᠦ ᠲᠤᠤᠺᠢᠤ᠋ ᠶᠢᠨ ᠤᠯᠢᠮᠫᠢᠺ ᠳᠤ ᠬᠠᠷᠠᠮᠰᠡᠯ ᠦᠯᠡᠳᠡᠭᠡᠭᠦ ᠦᠭᠡᠢ︾
ᠨᠡᠶᠢᠲᠡᠯᠡᠭᠰᠡᠨ ᠴᠠᠭ᠄
2020/6/4
   
    ᠰᠤᠷᠪᠤᠯᠵᠢᠯᠠᠭᠴᠢ ᠥᠢᠷ᠎ᠠ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠦᠴᠤᠸᠠᠨ ᠤ ᠪᠣᠯᠪᠠᠰᠤᠷᠠᠯ ᠤᠨ ᠰᠠᠭᠤᠷᠢᠨ ᠳᠤ ᠬᠥᠷᠬᠦ ᠳᠤ᠂ ᠤᠯᠤᠰ ᠤᠨ ᠠᠩᠭᠢ ᠳᠤ ᠪᠠᠶᠢᠭ᠎ᠠ ᠮᠠᠨ ᠤ ᠤᠷᠤᠨ ᠤ ᠠᠯᠬᠤᠭ᠎ᠠ ᠤᠷᠤᠯᠳᠤᠭᠠᠨ ᠤ ᠲᠠᠮᠢᠷᠴᠢᠨ ᠶᠠᠩ ᠵᠢᠶᠠ ᠢᠦᠶ ᠶᠠᠬ ᠰᠠᠶᠢᠬᠠᠨ ᠰᠤᠷᠢᠭ᠎ᠠ ᠪᠤᠯᠪᠠᠰᠤᠷᠠᠯ ᠳᠠᠭᠠᠨ ᠶᠠᠭᠠᠷᠠᠵᠥ ᠪᠠᠶᠢᠯ᠎ᠠ᠃ ᠲᠡᠷᠡ ᠡᠳᠤᠷ ᠪᠤᠯᠭᠠᠨ 4 — 5 ᠴᠠᠭ᠂ ᠠᠷᠪᠠᠨ ᠬᠡᠳᠦᠨ ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠪᠣᠯᠪᠠᠰᠤᠷᠠᠯ ᠢ ᠬᠥᠢᠴᠡᠳᠭᠡᠳᠡᠭ ᠬᠡᠵᠤ ᠪᠠᠶᠢᠯ᠎ᠠ᠃     ᠶᠠᠩ ᠵᠢᠶᠠ ᠢᠦᠶ ᠲᠤᠤᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠬᠤ ᠡᠷᠭᠡ ᠶᠢ ᠲᠡᠮᠡᠴᠡᠨ ᠤᠯᠤᠬᠰᠠᠨ ᠳᠤᠬᠠᠢ ᠳᠠᠭᠠᠨ᠄ ︽ᠤᠷᠤᠯᠳᠤᠭᠠᠨ ᠤ ᠪᠡᠯᠡᠳᠬᠡᠯ ᠠᠵᠢᠯ ᠤᠤᠯ ᠤᠨ ᠲᠥᠯᠥᠪᠯᠡᠭᠡ ᠠᠴᠠ ᠪᠠᠨ ᠤᠷᠲᠤ ᠪᠤᠯᠤᠬᠰᠠᠨ ᠨᠢ ᠪᠡᠶ᠎ᠠ ᠰᠡᠳᠬᠢᠯ ᠤᠨ ᠲᠡᠩᠴᠡᠬᠦᠷᠢᠰᠢᠯ ᠤᠨ ᠲᠠᠯ᠎ᠠ ᠪᠠᠷ ᠵᠢᠭᠠᠬᠠᠨ ᠨᠥᠯᠥᠭᠡᠯᠡᠭᠳᠡᠯ᠎ᠠ᠃ ᠭᠡᠪᠡᠴᠦ ᠲᠣᠬᠢᠷᠠᠭᠤᠯᠤᠯᠲᠠ ᠪᠠᠨ ᠰᠠᠶᠢᠳᠤᠷ ᠬᠢᠭᠰᠡᠨ ᠤ ᠳᠠᠷᠠᠭ᠎ᠠ ᠣᠳᠣ ᠬᠡᠪ ᠤᠨ ᠪᠣᠯᠪᠠᠰᠤᠷᠠᠯ ᠢᠶᠠᠨ ᠰᠡᠷᠭᠦᠭᠡᠵᠦ᠂ ᠪᠦᠬᠦᠯᠢ ᠴᠣᠭᠴᠠ ᠶᠢᠨ ᠲᠥᠷᠥᠭᠳᠡᠯ ᠨᠡᠯᠢᠶᠡᠳ ᠵᠦᠭᠡᠷ ᠪᠠᠶᠢᠨ᠎ᠠ᠃ ᠥᠩᠭᠡᠷᠡᠭᠰᠡᠨ ᠨᠢᠭᠡ ᠵᠢᠯ ᠤᠨ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠵᠦ᠂ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠬᠤ ᠪᠢᠯᠧᠲ ᠲᠡᠭᠡᠨ ᠬᠠᠷᠠᠮᠰᠠᠯ ᠦᠯᠡᠳᠡᠭᠡᠬᠦ ᠦᠭᠡᠢ︕︾ ᠬᠡᠵᠥ ᠲᠡᠷᠡ ᠢᠲᠡᠭᠡᠯ ᠲᠡᠬᠦᠯᠳᠡᠷ ᠶᠡᠷᠢᠵᠥ ᠪᠢᠯᠠ᠃     ᠶᠠᠩ ᠵᠢᠶᠠ ᠢᠤᠢ ᠦᠬᠠᠢ ᠬᠤᠳᠠ ᠳᠤ ᠲᠦᠷᠦᠪᠡ᠂ ᠬᠠᠷᠠᠬᠠᠨ ᠪᠠᠭ᠎ᠠ ᠠᠴᠠ ᠪᠠᠨ ᠪᠡᠶ᠎ᠡ ᠶᠢᠨ ᠲᠠᠮᠢᠷ ᠲᠤ ᠲᠤᠷ᠎ᠠ ᠪᠠᠭ᠋ᠠᠳᠠᠢ ᠲᠡᠷᠡᠪᠡᠷ 2010 ᠤᠨ ᠠᠴᠠ ᠡᠬᠢᠯᠡᠨ ᠠᠯᠳᠠ ᠲᠠᠰᠬᠠᠯᠵᠢᠭᠤᠯᠤᠭᠴᠢ ᠶᠢ ᠲᠠᠭᠠᠵᠦ᠂ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠵᠦ ᠡᠬᠢᠯᠡᠵᠡᠢ᠃ ᠶᠠᠩ ᠵᠢᠶᠠ ᠢᠦᠶ ᠲᠤᠮᠤ ᠬᠡᠯᠪᠡᠷᠢ ᠶᠢᠨ ᠤᠷᠤᠯᠳᠤᠭᠠᠨ ᠳᠤ ᠣᠷᠣᠯᠴᠠᠭᠰᠠᠨ ᠠᠴᠠ ᠨᠠᠭᠠᠰᠢ᠂ ᠤᠷᠢᠳ ᠬᠤᠵᠢᠳ ᠯᠣᠨᠳᠣᠨ ᠤ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠳᠡᠯᠡᠬᠡᠶ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠡᠮᠡᠭᠲᠡᠶ ᠶᠢᠨ 20  ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠡᠮᠡᠭᠲᠡᠶ ᠶᠢᠨ 20 ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ᠂ ᠣᠯᠠᠨ ᠤᠯᠤᠰ ᠤᠨ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠬᠤᠯᠪᠣᠭᠠᠨ ᠤ ᠳᠡᠯᠡᠬᠡᠶ ᠶᠢᠨ ᠠᠯᠬᠤᠭ᠎ᠠ ᠤᠷᠤᠯᠳᠤᠭᠠᠨ ᠤ ᠬᠠᠮᠳᠤ ᠨᠢᠬᠡᠴᠢ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠡᠮᠡᠭᠲᠡᠶ ᠶᠢᠨ ᠨᠠᠰᠤᠨ ᠳᠤ ᠬᠦᠷᠦᠭᠰᠡᠳ ᠤᠨ ᠳᠤᠭᠤᠢᠢᠯᠠᠩ ᠤᠨ ᠮᠠᠩᠯᠠᠶ᠂ ᠵᠠᠺᠠᠷᠳᠠ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠤ ᠡᠮᠡᠭᠲᠡᠶ ᠶᠢᠨ 20 ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ ᠵᠡᠷᠭᠡ ᠪᠠᠷ ᠲᠤᠳᠤᠷᠠᠵᠤ᠂ ᠮᠠᠨ ᠤ ᠤᠷᠤᠨ ᠤ ᠰᠢᠯᠢᠳᠡᠭ ᠲᠠᠮᠢᠷᠴᠢᠨ ᠤ ᠭᠠᠯᠪᠢᠷ ᠳᠦᠷᠬᠦ ᠶᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号