2021 ᠣᠨ ᠤ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2021/10/14
    10 ᠰᠠᠷ᠎ᠠ ᠶᠢᠨ 9 ᠤ ᠡᠳᠦᠷ᠂ 2021 ᠣᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠤᠨ ᠤᠷᠤᠯᠳᠤᠭᠠᠨ ᠤ U18 — 17 ᠨᠠᠰᠤᠨ ᠤ ᠳᠤᠭᠤᠶᠢᠯᠠᠩ ᠶᠢᠨ ᠤᠷᠤᠯᠳᠤᠭᠠᠨ ᠬᠥᠬᠡᠬᠤᠲᠠ ᠳᠤ 7 ᠡᠳᠦᠷ  ᠶᠠᠪᠤᠭᠳᠠᠵᠦ᠂ ᠲᠡᠭᠦᠰ ᠠᠮᠵᠢᠯᠲᠠ ᠲᠠᠢ ᠥᠨᠳᠥᠷᠯᠡᠪᠡ᠃     ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ 2018 ᠣᠨ ᠠᠴᠠ ᠡᠬᠢᠯᠡᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠤᠨ ᠤᠷᠤᠯᠳᠤᠭᠠᠨ ᠡᠷᠬᠢᠯᠡᠨ᠂ 4 ᠵᠢᠯ ᠤᠨ ᠴᠢᠷᠮᠠᠶᠢᠯᠭ᠎ᠠ ᠪᠠᠷ ᠳᠡᠮᠵᠢᠨ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠤᠨ ᠤᠷᠤᠯᠳᠤᠭᠠᠨ ᠨᠢ ᠨᠢᠭᠡᠨᠲᠡ ᠥᠪᠥᠷ ᠮᠣᠩᠭᠤᠯ ᠣᠷᠣᠨ ᠤ ᠣᠷᠣᠯᠴᠠᠭᠰᠠᠨ ᠬᠥᠮᠦᠨ ᠤ ᠲᠤᠭ᠎ᠠ ᠪᠠᠷ ᠬᠠᠮᠤᠭ ᠤᠨ ᠣᠯᠠᠨ᠂ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠨᠠᠷᠠᠲᠤ ᠲᠡᠮᠳᠡᠭ ᠤᠨ ᠤᠷᠤᠯᠳᠤᠭᠠᠨ ᠪᠤᠯᠤᠭᠰᠠᠨ ᠪᠠᠶᠢᠨ᠎ᠡ᠃ ᠲᠣᠰ ᠤᠳᠠᠭᠠᠨ ᠤ ᠺᠯᠦ᠋ᠪ ᠤᠨ ᠤᠷᠤᠯᠳᠤᠭᠠᠨ ᠳᠤ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ 86 ᠡᠷᠡᠭᠲᠡᠶ ᠶᠢᠨ ᠠᠩᠭᠢ᠂ 35 ᠡᠮᠡᠭᠲᠡᠶ ᠶᠢᠨ ᠠᠩᠭᠢ᠂ 2700 ᠭᠠᠷᠤᠶ ᠲᠠᠮᠢᠷᠴᠢᠨ᠂ 150 ᠭᠠᠷᠤᠶ ᠰᠤᠷᠭᠠᠭᠴᠢ ᠣᠷᠣᠯᠴᠠᠵᠠᠶ᠃     ᠤᠷᠤᠯᠳᠤᠭᠠᠨ ᠢᠶᠠᠷ ᠳᠡᠮᠵᠢᠨ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠡᠷᠡᠭᠲᠡᠶ ᠶᠢᠨ U18 — 17 ᠳᠤᠭᠤᠶᠢᠯᠠᠩ ᠤᠨ ᠮᠠᠩᠯᠠᠶ ᠳᠤ ᠰᠢᠯᠭᠠᠷᠠᠵᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠤ ᠱᠤᠸᠠᠩ ᠰᠢᠩ ᠬᠥᠯ ᠪᠥᠮᠪᠦᠭᠡ ᠶᠢᠨ ᠺᠯᠦ᠋ᠪ ᠡᠮᠡᠭᠲᠡᠶ ᠶᠢᠨ U18 — 17 ᠳᠤᠭᠤᠶᠢᠯᠠᠩ ᠤᠨ ᠮᠠᠩᠯᠠᠶ ᠳᠤ ᠰᠢᠯᠭᠠᠷᠠᠵᠠᠶ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号