ᠥᠪᠤᠷ ᠮᠤᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠷᠨᠢᠭᠦᠨ ᠬᠦᠭᠵᠢᠯᠲᠡ
ᠨᠡᠶᠢᠲᠡᠯᠡᠭᠰᠡᠨ ᠴᠠᠭ᠄
2021/10/14
    ᠤᠯᠤᠰ ᠤᠨ ᠲᠠᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 1286᠂ ᠤᠯᠤᠰ ᠤᠨ ᠲᠠᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ 369᠂ ᠤᠯᠤᠰ ᠤᠨ ᠲᠠᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠤᠷᠰᠢᠯᠲᠠ ᠶᠢᠨ ᠰᠢᠶᠠᠨ ︵ᠲᠣᠭᠤᠷᠢᠭ︶ 6᠂ ᠤᠯᠤᠰ ᠤᠨ ᠲᠠᠰ  ᠤᠨ  ᠵᠠᠯᠠᠭᠤᠴᠤᠳ  ᠪᠠᠭᠠᠴᠤᠳ  ᠤᠨ  ᠰᠤᠷᠭᠠᠭᠤᠯᠢ  ᠶᠢᠨ  ᠬᠦᠷᠢᠶᠡᠨ  ᠤ  ᠬᠥᠯ  ᠪᠥᠮᠪᠦᠭᠡ ᠶᠢᠨ ᠪᠣᠯᠪᠠᠰᠤᠷᠠᠯ ᠤᠨ ︽ᠣᠳᠣᠨ ᠲᠠᠰ︾ ᠤᠨ ᠰᠠᠭᠤᠷᠢᠨ 4 ᠪᠤᠢ᠃
    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠲᠦᠷᠦᠭᠦᠭᠡᠨ ᠨᠡᠶᠢᠲᠡᠯᠡᠵᠦ᠂ ᠬᠠᠷᠠᠯᠲᠠ ᠶᠢ ᠲᠣᠭᠲᠠᠭᠠᠵᠤ᠂ ᠭᠤᠤᠯ ᠡᠭᠦᠷᠭᠡ ᠶᠢ ᠴᠢᠩᠭ᠎ᠠ ᠠᠳᠬᠤᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠷᠨᠢᠬᠦᠨ ᠬᠦᠭᠵᠢᠯᠳᠡ ᠶᠢ ᠲᠠᠶᠢᠴᠢᠯᠠᠪᠠ᠃
    ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠭᠤᠷᠪᠠᠨ ᠳᠡᠰ ᠤᠨ ᠵᠠᠯᠠᠭᠤᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠰᠢᠭᠤ ᠰᠢᠶᠠᠨ ᠳᠤ ᠰᠠᠭᠤᠷᠢᠯᠠᠵᠤ᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠰᠡᠳᠬᠢᠴᠡ ᠪᠠᠷ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠠᠬᠢᠭᠤᠯᠬᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠴᠢᠳᠠᠪᠤᠷᠢᠲᠠᠨ ᠢ ᠰᠣᠩᠭᠤᠬᠤ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠤᠯᠠᠨ ᠠᠷᠭ᠎ᠠ ᠵᠠᠮ ᠢᠶᠠᠷ ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠠᠵᠢᠯ ᠢ ᠪᠥᠬᠦ ᠲᠠᠯ᠎ᠠ ᠪᠠᠷ ᠲᠠᠰ ᠳᠡᠪᠰᠢᠬᠦᠯᠪᠡ᠃ ᠤᠳᠤᠬᠠᠨ 12 ᠠᠶᠢᠮᠠᠭ ᠬᠤᠲᠠ ᠳᠤ ᠪᠦᠷ ᠠᠶᠢᠮᠠᠭ ᠬᠤᠲᠠ ᠶᠢᠨ ᠲᠡᠰ ᠤᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠠᠭᠤᠷᠢᠨ ᠢ ᠪᠥᠲᠥᠭᠡᠨ ᠪᠠᠶᠢᠭᠤᠯᠪᠠ᠃     ᠬᠦᠬᠡᠬᠤᠲᠠ ᠶᠢᠨ ᠰᠠᠶᠢᠬᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ 2015 ᠣᠨ ᠳᠤ ᠤᠯᠤᠰ ᠤᠨ ᠲᠠᠰ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠣᠯᠤᠭᠰᠠᠨ ᠠᠴᠠ ᠨᠠᠭᠠᠰᠢ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠲᠠᠰᠤᠷᠠᠯᠲᠠ ᠥᠬᠡᠶ ᠬᠦᠭᠵᠢᠭᠦᠯᠵᠦ᠂ ᠦᠳᠭᠡᠨ ᠵᠤᠵᠠᠭᠠᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠭᠤᠷ ᠠᠮᠢᠰᠬᠤᠯ ᠢ ᠪᠣᠶ ᠪᠣᠯᠭᠠᠪᠠ᠃ ᠳᠠᠰᠬᠠᠯᠵᠢᠭᠤᠯᠤᠭᠴᠢ ᠰᠦᠨ ᠴᠤᠸᠠᠨ᠄ ︽ᠠᠮᠠᠷᠠᠯᠲᠠ ᠶᠢᠨ ᠬᠤᠭᠤᠴᠠᠭᠠᠨ ᠳᠤ᠂ ᠡᠳᠦᠷ ᠪᠦᠷᠢ ᠬᠦ᠋ᠯ ᠪᠥᠮᠪᠦᠭᠡ ᠶᠢᠨ ᠪᠣᠯᠪᠠᠰᠤᠷᠠᠯ ᠬᠢᠨ᠎ᠡ᠂ ᠢᠩᠭᠢᠪᠡᠯ ᠲᠠᠮᠢᠷᠴᠢᠳ ᠤᠨ ᠰᠤᠷᠤᠯᠭ᠎ᠠ ᠶᠢ ᠰᠠᠭᠠᠲᠠᠭᠠᠬᠤ ᠦᠭᠡᠢ ᠮᠥᠷᠲᠡᠭᠡᠨ ᠬᠥᠯ ᠪᠥᠮᠪᠦᠭᠡ ᠶᠢᠨ ᠪᠣᠯᠪᠠᠰᠤᠷᠠᠯ ᠤᠨ ᠬᠡᠪ ᠢᠶᠠᠷ ᠶᠠᠪᠤᠭᠳᠠᠬᠤ ᠶᠢ ᠪᠠᠲᠤᠯᠠᠵᠤ ᠴᠢᠳᠠᠨ᠎ᠠ︾ ᠭᠡᠵᠦ ᠶᠠᠷᠢᠵᠦ ᠪᠠᠶᠢᠯ᠎ᠠ᠃ ᠰᠠᠶᠢᠬᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠪᠣᠯ ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡ ᠶᠢᠨ ᠤᠨᠴᠠᠯᠢᠬᠳᠤ 1000 ᠭᠠᠷᠤᠢ ᠰᠤᠷᠭᠠᠭᠤᠯᠢ ᠶᠢᠨ ᠬᠤᠷᠢᠶᠠᠩᠭᠤᠢ ᠳᠦᠷᠢ ᠪᠣᠯᠤᠨ᠎ᠠ᠃ ᠤᠳᠤᠬᠠᠨ ᠪᠤᠯᠳᠠᠯ᠎ᠠ᠂ ᠥᠪᠥᠷ ᠮᠣᠩᠭᠤᠯ ᠳᠤ ᠨᠡᠶᠢᠲᠡ 1286 ᠤᠯᠤᠰ ᠤᠨ ᠲᠠᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ᠂ 369 ᠤᠯᠤᠰ ᠤᠨ ᠲᠠᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ᠂ 6 ᠤᠯᠤᠰ ᠤᠨ ᠲᠠᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠤᠷᠰᠢᠯᠲᠠ ᠶᠢᠨ ᠰᠢᠶᠠᠨ ︵ᠲᠣᠭᠤᠷᠢᠭ︶᠂ 4 ᠤᠯᠤᠰ ᠤᠨ ᠲᠠᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠣᠯᠪᠠᠰᠤᠷᠠᠯ ᠤᠨ ︽ᠣᠳᠣᠨ ᠲᠠᠰ︾ ᠤᠨ ᠰᠠᠭᠤᠷᠢᠨ ᠪᠠᠶᠢᠨ᠎ᠠ᠃     ᠬᠦᠬᠡᠬᠤᠲᠠ ᠶᠢᠨ ᠰᠠᠶᠢᠬᠠᠨ ᠲᠤᠭᠤᠷᠢᠭ ᠤᠨ ᠴᠢᠶᠣᠤ ᠬᠤᠸᠠ ᠰᠤᠷᠭᠠᠭᠤᠯᠢ ᠰᠤᠷᠤᠭᠴᠢᠳ ᠤᠨ ᠬᠥᠯ ᠪᠥᠮᠪᠦᠭᠡ ᠶᠢᠨ ᠳᠤᠷ᠎ᠠ ᠰᠣᠨᠢᠷᠬᠠᠯ ᠤᠨ ᠣᠨᠴᠠ ᠴᠢᠳᠠᠪᠤᠷᠢ ᠶᠢ ᠬᠥᠮᠦᠵᠢᠭᠦᠯᠬᠦ ᠶᠢ ᠮᠠᠰᠢ ᠴᠢᠬᠤᠯᠠᠴᠢᠯᠠᠵᠤ᠂ ᠬᠥᠯ ᠪᠥᠮᠪᠦᠭᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠣᠷᠳᠣ ᠬᠤᠭᠤᠴᠠᠭ᠎ᠠ ᠪᠠᠷ ᠨᠡᠭᠡᠭᠡᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠢ ᠢᠳᠡᠪᠬᠢᠲᠡᠶ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠢ ᠴᠢᠷᠮᠠᠶᠢᠨ ᠡᠭᠦᠳᠴᠦ᠂ ᠰᠤᠷᠭᠠᠭᠤᠯᠢ ᠶᠢᠨ ᠬᠥᠯ ᠪᠥᠮᠪᠦᠭᠡ ᠶᠢᠨ ᠬᠥᠮᠦᠵᠢᠯ ᠢ ᠤᠷᠢᠳ ᠡᠮᠦᠨ᠎ᠡ ᠪᠠᠶᠢᠭ᠎ᠠ ᠥᠬᠡᠶ ᠬᠥᠭᠵᠢᠯᠲᠡ ᠲᠠᠢ ᠪᠣᠯᠭᠠᠵᠤ᠂ ᠬᠥᠯ ᠪᠥᠮᠪᠦᠭᠡ ᠶᠢᠨ ᠪᠣᠯᠪᠠᠰᠤᠷᠠᠯ ᠢᠯᠡᠳᠲᠡ ᠦᠷ᠎ᠡ ᠪᠦᠲᠦᠮᠵᠢ ᠤᠯᠤᠭᠰᠠᠨ ᠪᠢᠯᠡ᠃ ᠳᠠᠰᠬᠠᠯᠵᠢᠭᠤᠯᠤᠭᠴᠢᠳ ᠤᠨ ᠨᠠᠷᠢᠨ ᠨᠢᠮᠪᠠᠶ ᠵᠢᠯᠣᠭᠤᠳᠤᠯᠭ᠎ᠠ᠂ ᠲᠠᠮᠢᠷᠴᠢᠳ ᠤᠨ ᠰᠢᠷᠭᠠᠭᠤ ᠬᠠᠲᠠᠭᠤᠵᠢᠯᠲᠠᠶ ᠪᠣᠯᠪᠠᠰᠤᠷᠠᠯ ᠨᠢ ᠬᠥᠯ ᠪᠥᠮᠪᠦᠭᠡ ᠶᠢᠨ ᠮᠡᠷᠭᠡᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠶᠤᠮ᠃ ᠬᠦᠬᠡᠬᠤᠲᠠ ᠶᠢᠨ ᠰᠠᠶᠢᠬᠠᠨ ᠲᠤᠭᠤᠷᠢᠭ ᠤᠨ ᠴᠢᠶᠣᠤ ᠬᠤᠸᠠ ᠰᠤᠷᠭᠠᠭᠤᠯᠢ 2012 ᠣᠨ ᠳᠤ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠶᠢ ᠪᠠᠶᠢᠭᠤᠯᠤᠭᠰᠠᠨ ᠠᠴᠠ ᠨᠠᠭᠠᠰᠢ᠂ ᠣᠷᠣᠨ ᠤ ᠲᠠᠰ᠂ ᠬᠤᠲᠠ ᠶᠢᠨ ᠲᠠᠰ᠂ ᠲᠣᠭᠤᠷᠢᠭ ᠤᠨ ᠲᠠᠰ ᠤᠨ ᠬᠥᠯ ᠪᠥᠮᠪᠦᠭᠡ ᠶᠢᠨ ᠤᠷᠤᠯᠳᠤᠭᠠᠨ ᠳᠤ ᠲᠣᠪᠤᠶᠢᠮ᠎ᠠ ᠬᠢᠷᠢ ᠪᠦᠲᠦᠮᠵᠢ ᠣᠯᠵᠠᠶ᠃ 2015 ᠤᠨ᠂ 2017 ᠤᠨ᠂ 2018 ᠤᠨ ᠳᠤ ᠲᠤᠰ ᠲᠤᠰ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠷᠢᠭᠦᠯᠡᠭᠴᠢ ᠬᠤᠨᠳᠠᠭᠠᠲᠤ ᠠᠩᠬ᠎ᠠ ᠳᠤᠮᠳᠠᠳᠤ ᠶᠢᠨ ᠳᠤᠭᠤᠶᠢᠯᠠᠩ ᠤᠨ ᠮᠠᠩᠯᠠᠶ ᠪᠣᠯᠪᠠ᠃     ︽ᠡᠨᠡ ᠵᠢᠯ ᠤᠨ ᠵᠤᠨ ᠤ ᠠᠮᠠᠷᠠᠯᠲᠠ ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠳᠤ ᠪᠡᠶ᠎ᠡ ᠮᠠᠬᠠᠪᠣᠳ ᠤᠨ ᠠᠵᠢᠯᠯᠠᠭᠠᠨ ᠤ ᠴᠢᠳᠠᠪᠤᠷᠢ ᠶᠢᠨ ᠪᠣᠯᠪᠠᠰᠤᠷᠠᠯ᠂ ᠬᠥᠯ ᠪᠥᠮᠪᠦᠭᠡ ᠶᠢᠨ ᠤᠷ᠎ᠠ ᠴᠢᠳᠠᠪᠤᠷᠢ ᠶᠢ ᠳᠡᠭᠡᠭᠰᠢᠯᠡᠬᠦᠯᠬᠦ᠂ ᠤᠷᠤᠯᠳᠤᠭᠠᠨ ᠤ ᠠᠷᠭ᠎ᠠ ᠪᠠᠷᠢᠯ ᠢ ᠰᠠᠶᠢᠵᠢᠷᠠᠭᠤᠯᠬᠤ ᠵᠡᠷᠭᠡ ᠡᠯᠪᠡᠭ ᠪᠠᠶᠠᠯᠢᠭ ᠪᠣᠯᠪᠠᠰᠤᠷᠠᠯ ᠤᠨ ᠠᠭᠤᠯᠭ᠎ᠠ ᠲᠣᠬᠢᠷᠠᠭᠤᠯᠵᠤ᠂ 9 ᠰᠠᠷ᠎ᠠ ᠳᠤ ᠶᠠᠪᠤᠭᠳᠠᠬᠤ ︿ᠬᠤᠲᠠ ᠶᠢᠨ ᠳᠠᠷᠤᠭ᠎ᠠ ᠬᠤᠨᠳᠠᠭᠠᠲᠤ﹀ ᠤᠷᠤᠯᠳᠤᠭᠠᠨ ᠳᠤ ᠭᠦᠢᠴᠡᠳ ᠪᠡᠯᠡᠳᠬᠡᠯ ᠬᠢᠭᠦ ᠶᠢᠨ ᠲᠠᠭᠠᠤ᠂ ᠬᠡᠦᠬᠡᠳ ᠤᠳ ᠤᠨ ᠪᠡᠶ᠎ᠡ ᠮᠠᠬᠠᠪᠣᠳ ᠢ ᠲᠠᠪᠳᠠᠨ ᠪᠣᠯᠪᠠᠰᠤᠷᠠᠭᠤᠯᠵᠤ᠂ ᠬᠥᠯ ᠪᠥᠮᠪᠦᠭᠡ ᠶᠢᠨ ᠤᠷ᠎ᠠ ᠴᠢᠳᠠᠪᠤᠷᠢ ᠶᠢ ᠨᠢ ᠲᠡᠭᠡᠭᠰᠢᠯᠡᠬᠦᠯᠦᠭᠰᠡᠨ ᠲᠡᠳᠦᠢ ᠦᠭᠡᠢ᠂ ᠭᠡᠦᠭᠡᠳ ᠤᠳ ᠲᠤ ᠬᠥᠯ ᠪᠥᠮᠪᠦᠭᠡ ᠠᠴᠠ ᠬᠦᠷᠳᠡᠬᠦ ᠪᠠᠶᠠᠷ ᠪᠠᠶᠠᠰᠤᠯ ᠢ ᠮᠡᠳᠡᠷᠡᠬᠦᠯᠵᠦ᠂ ᠢᠳᠡᠪᠬᠢᠲᠡᠶ ᠥᠭᠡᠳᠡᠯᠡᠨ ᠳᠠᠪᠰᠢᠬᠤ ᠪᠠᠶᠠᠰᠤᠩᠭᠤᠶ ᠰᠡᠳᠬᠢᠴᠡ ᠶᠢ ᠬᠥᠮᠦᠵᠢᠭᠦᠯᠦᠨ᠎ᠡ︾ ᠭᠡᠵᠦ ᠴᠢᠶᠣᠤ ᠬᠤᠸᠠ ᠰᠤᠷᠭᠠᠭᠤᠯᠢ ᠶᠢᠨ ᠬᠦᠯ ᠪᠦᠮᠪᠦᠭᠡ ᠶᠢᠨ ᠳᠠᠰᠬᠠᠯᠵᠢᠭᠤᠯᠤᠭᠴᠢ ᠰᠢᠶᠧ ᠬᠤᠩ ᠢᠦᠶ ᠤᠴᠢᠷᠯᠠᠨ᠎ᠠ᠃     ᠮᠠᠨ ᠤ ᠤᠷᠤᠨ ᠪᠥᠬᠦ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠨ᠂ ᠤᠷᠤᠯᠳᠤᠭᠠᠨ ᠤ ᠲᠤᠭᠳᠠᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠤ ᠦᠰᠦᠨ ᠪᠤᠶᠢᠵᠢᠬᠤ ᠠᠷᠭ᠎ᠠ ᠵᠠᠮ ᠢ ᠰᠢᠯᠤᠭᠤᠳᠬᠠᠵᠤ᠂ ᠤᠷᠤᠯᠳᠤᠭᠠᠨ ᠤ ᠰᠢᠰᠲ᠋ᠧᠮ᠂ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠬᠥᠯ ᠪᠥᠮᠪᠦᠭᠡ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠭᠰᠡᠨ ᠠᠴᠠ ᠰᠤᠷᠭᠠᠭᠤᠯᠢ ᠶᠢᠨ ᠬᠥᠯ ᠪᠥᠮᠪᠦᠭᠡ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠵᠦ᠂ ᠲᠠᠯ᠎ᠠ ᠨᠤᠲᠤᠭ ᠤᠨ ᠬᠡᠪ ᠨᠠᠮᠪᠠ ᠲᠠᠢ ᠬᠥᠯ ᠪᠥᠮᠪᠦᠭᠡ ᠶᠢᠨ ᠰᠣᠶᠣᠯ ᠤᠨ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠵᠦ᠂ ︽ᠦᠵᠡᠰᠬᠦᠯᠡᠩᠲᠦ ᠰᠠᠶᠢᠬᠠᠨ ᠦᠪᠦᠷ ᠮᠤᠩᠭᠤᠯ︾ ᠢ ᠪᠥᠲᠥᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号