ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠲᠠᠮᠵᠢᠭᠤᠯᠬᠤ ᠠᠵᠢᠯᠯᠠᠭ᠎ᠠ ᠭᠷᠧᠭ ᠲᠤ ᠠᠮᠵᠢᠯᠲᠠ ᠲᠠᠢ ᠪᠠᠷ ᠶᠠᠪᠤᠬᠳᠠᠪᠠ
ᠨᠡᠶᠢᠲᠡᠯᠡᠭᠰᠡᠨ ᠴᠠᠭ᠄
2021/10/21
    ᠠᠷᠠᠳ ᠤᠨ ᠡᠳᠦᠷ ᠤᠨ ᠰᠣᠨᠢᠨ ᠤ ᠭᠷᠧᠭ ᠤᠨ ᠡᠷᠲᠡᠨ ᠤ ᠣᠯᠢᠮᠫᠢᠶ᠎ᠠ ᠶᠢᠨ 10 ᠰᠠᠷ᠎ᠠ ᠶᠢᠨ 18 ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠠᠨ ᠱᠦᠸᠧ︶ 18 ᠤ ᠡᠳᠦᠷ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ ᠲᠠᠮᠵᠢᠭᠤᠯᠬᠤ ᠠᠵᠢᠯᠯᠠᠭ᠎ᠠ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠤᠯᠤᠮᠳᠠ — ᠭᠷᠧᠭ ᠤᠨ ᠪᠤᠯᠤᠫᠤᠨᠢᠰᠤᠰ ᠤᠨ ᠬᠤᠶᠢᠭ ᠤᠨ ᠡᠷᠲᠡᠨ ᠤ ᠣᠯᠢᠮᠫᠢᠶ᠎ᠠ ᠠᠴᠠ ᠠᠮᠵᠢᠯᠲᠠ ᠲᠠᠢ ᠶᠠᠪᠤᠬᠳᠠᠪᠠ᠃     ᠭᠷᠧᠭ ᠤᠨ ᠶᠡᠷᠦᠩᠬᠡᠶᠢᠯᠡᠭᠴᠢ ᠺᠠᠳ᠋ᠷᠢᠨᠠ ᠰᠠᠺᠯᠠᠷᠤᠫᠯᠦ᠋᠂ ᠣᠯᠠᠨ ᠤᠯᠤᠰ ᠤᠨ ᠣᠯᠢᠮᠫᠢᠺ ᠤᠨ ᠵᠥᠪᠯᠡᠯ ᠤᠨ ᠲᠡᠷᠢᠭᠦᠯᠡᠭᠴᠢ ᠲᠤᠮᠠᠰ ᠪᠠᠾ᠂ ᠭᠷᠧᠭ ᠤᠨ ᠣᠯᠢᠮᠫᠢᠺ ᠤᠨ ᠵᠥᠪᠯᠡᠯ ᠤᠨ ᠲᠡᠷᠢᠭᠦᠯᠡᠭᠴᠢ ᠰᠫᠢᠯᠤᠰ ᠺᠠᠫᠯᠠᠯᠤᠰ ᠪᠣᠯᠤᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠣᠨᠴᠠ ᠲᠥᠯᠥᠭᠡᠯᠡᠭᠴᠢ — ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠲᠡᠷᠢᠭᠦᠯᠡᠭᠴᠢ ᠢᠦᠶ ᠽᠠᠢ ᠴᠢᠩ ᠬᠠᠮᠲᠤ ᠪᠠᠷ ᠲᠣᠰ ᠡᠳᠦᠷ ᠤᠨ ᠭᠠᠯ ᠪᠠᠮᠪᠠᠷ ᠲᠠᠮᠵᠢᠭᠤᠯᠬᠤ ᠶᠣᠰᠣᠯᠠᠯ ᠳᠤ ᠣᠷᠣᠯᠴᠠᠪᠠ᠃     ᠪᠠᡁᠧ ᠭᠠᠯ ᠪᠠᠮᠪᠠᠷ ᠨᠤᠴᠤᠭᠠᠬᠤ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ︽ᠪᠡᠭᠡᠵᠢᠩ ᠬᠤᠳᠠ ᠲᠡᠦᠬᠡ ᠶᠢ ᠪᠢᠴᠢᠭᠯᠡᠵᠦ᠂ ᠲᠡᠦᠬᠡᠨ ᠳᠡᠭᠡᠷ᠎ᠡ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠵᠤ ᠥᠩᠭᠡᠷᠡᠭᠰᠡᠨ ᠪᠥᠭᠡᠳ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠠᠩᠬᠠᠳᠠᠭᠴᠢ ᠬᠤᠳᠠ ᠪᠣᠯᠤᠨ᠎ᠠ᠃ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠨᠢ ᠳᠤᠮᠳᠠᠳᠤ ᠤᠯᠤᠰ ᠤᠨ ᠠᠷᠠᠳ ᠲᠦᠮᠡᠨ ᠢ ᠳᠡᠯᠡᠬᠡᠢ ᠳ᠋ᠠᠬᠢᠨ ᠲᠠᠢ ᠬᠤᠯᠪᠣᠵᠤ᠂ 3 ᠳ᠋ᠦᠩᠰᠢᠭᠤᠷ ᠬᠥᠮᠦᠨ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ᠬᠦᠰᠡᠯ ᠡᠷᠡᠮᠡᠯᠵᠡᠯ ᠢ ᠪᠡᠶᠡᠯᠡᠭᠦᠯᠵᠦ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠡᠦᠬᠡ ᠶᠢ ᠡᠭᠦᠷᠢᠳᠡ ᠬᠤᠪᠢᠷᠠᠭᠤᠯᠬᠤ ᠪᠣᠯᠤᠨ᠎ᠠ︾ ᠬᠡᠪᠡ᠃     ᠢᠦᠶ ᠽᠠᠢ ᠴᠢᠩ ᠬᠡᠯᠡᠬᠦ ᠳᠡᠭᠡᠨ᠂ ᠣᠯᠢᠮᠫᠢᠺ ᠤᠨ ᠭᠠᠯ ᠪᠠᠮᠪᠠᠷ ᠪᠣᠯ ᠣᠯᠢᠮᠫᠢᠺ ᠤᠨ ᠵᠣᠷᠢᠭ ᠰᠠᠨᠠᠭᠠᠨ ᠤ ᠡᠷᠬᠢᠮ ᠲᠡᠭᠡᠳᠦ ᠪᠡᠯᠭᠡ ᠲᠡᠮᠳᠡᠭ ᠮᠥᠨ᠃ ᠵᠠᠭᠤ ᠮᠢᠩᠭᠠᠨ ᠵᠢᠯ ᠤᠨ ᠲᠤᠷᠰᠢ᠂ ᠭᠠᠯ ᠪᠠᠮᠪᠠᠷ ᠨᠢ ᠭᠡᠭᠡᠨ ᠰᠠᠷᠠᠭᠤᠯ᠂ ᠪᠦᠯᠬᠦᠮᠳᠡᠯ᠂ ᠨᠥᠬᠦᠷᠯᠡᠯ᠂ ᠡᠩᠬᠡ ᠲᠠᠶᠢᠪᠤᠩ᠂ ᠰᠢᠳᠤᠷᠭᠤ ᠶᠣᠰᠣᠨ ᠤ ᠬᠡᠷᠡᠯ ᠭᠢᠯᠪᠠᠭ᠎ᠠ ᠶᠢ ᠪᠦᠬᠦ ᠳᠡᠯᠡᠬᠡᠢ ᠳᠤ ᠳᠠᠮᠵᠢᠭᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ᠂ ᠰᠣᠯᠢᠯᠴᠠᠭ᠎ᠠ ᠲᠤᠯᠢᠳᠠᠯ ᠤᠨ ᠭᠡᠷᠡᠯ ᠰᠠᠴᠤᠷᠠᠩᠭᠤᠢ ᠲᠡᠦᠬᠡ ᠶᠢ ᠭᠡᠷᠡᠴᠢᠯᠡᠵᠦ᠂ ᠬᠥᠮᠦᠨ ᠲᠥᠷᠥᠯᠬᠢᠲᠡᠨ ᠤ ᠥᠷᠢᠰᠥᠯᠳᠦᠭᠡᠨ ᠤ ᠲᠦᠢᠯᠰᠢᠷᠠᠯ᠂ ᠥᠪᠡᠷ ᠢ ᠪᠠᠨ ᠳᠠᠪᠠᠭ᠋ᠤ ᠡᠷᠡᠰ ᠪᠠᠲᠤ ᠬᠥᠭᠡᠭᠡᠴᠡᠯᠳᠦᠯ ᠢ ᠲᠠᠶᠢᠯᠪᠤᠷᠢᠯᠠᠵᠤ᠂ ᠬᠥᠮᠦᠨ ᠲᠥᠷᠥᠯᠬᠢᠲᠡᠨ ᠤ ᠪᠦᠯᠬᠦᠮᠳᠡᠯ ᠬᠠᠮᠲᠤᠷᠠᠯᠴᠠᠭ᠎ᠠ᠂ ᠬᠦᠴᠢᠷ ᠪᠡᠷᠬᠡᠰᠢᠶᠡᠯ ᠢ ᠢᠯᠠᠨ ᠲᠠᠪᠠᠭ᠋ᠤ ᠤᠷᠤᠭᠰᠢᠯᠠᠯᠲᠠ ᠶᠢᠨ ᠵᠠᠮ ᠢ ᠬᠡᠷᠡᠯᠲᠦᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠭᠠᠷᠢᠨ ᠢᠷᠡᠬᠦ ᠦᠶ᠎ᠡ ᠳᠤ᠂ ᠣᠯᠢᠮᠫᠢᠺ ᠤᠨ ᠭᠠᠯ ᠪᠠᠮᠪᠠᠷ ᠨᠢ ᠬᠥᠮᠦᠰ ᠲᠤ ᠪᠠᠰᠠ ᠨᠢᠭᠡ ᠤᠳᠠᠭ᠎ᠠ ᠢᠲᠡᠭᠡᠯ ᠵᠣᠷᠢᠭ᠂ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠦᠭᠴᠦ᠂ ᠬᠠᠮᠲᠤ ᠪᠠᠷ ᠬᠢᠵᠢᠭ ᠢ ᠢᠯᠠᠬᠤ ᠰᠦᠷ ᠳᠠᠯᠠᠶᠢᠴᠠᠲᠠᠶ ᠬᠦᠴᠦᠨ ᠢ ᠨᠢᠬᠳᠠᠷᠠᠭᠤᠯᠬᠤ ᠪᠤᠯᠤᠨ᠎ᠠ ᠬᠡᠪᠡ᠃     19 ᠤ ᠡᠳᠦᠷ᠂ ᠭᠷᠧᠭ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠵᠥᠪᠯᠡᠯ ᠠᠴᠠ ᠠᠲ᠋ᠧᠨ ᠤ ᠭᠠᠨᠲᠢᠭ ᠴᠢᠯᠠᠭᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠭᠠᠯ ᠪᠠᠮᠪᠠᠷ ᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠥᠯᠥᠭᠡᠯᠡᠭᠴᠢᠳ ᠤᠨ ᠪᠦᠯᠬᠦᠮ ᠳᠤ ᠲᠠᠮᠵᠢᠭᠤᠯᠤᠨ ᠦᠭᠪᠡ᠃
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号