ᠶᠢᠨ ᠮᠠᠨᠰᠠᠩ ᠰᠢᠯᠢ ᠶᠢᠨ ᠭᠤᠤᠯ ᠠᠶᠢᠮᠠᠭ ᠤᠨ ᠳᠡᠳ᠋ ᠳᠠᠷᠤᠭ᠎ᠠ ᠶᠠᠩ ᠯᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2021/10/21
    10 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶᠠᠨ ᠤ ᠳᠠᠷᠤᠭ᠎ᠠ ᠶᠢᠨ ᠮᠠᠨᠰᠠᠩ ᠬᠥᠬᠡᠬᠤᠲᠠ ᠳᠤ ᠰᠢᠯᠢ ᠶᠢᠨ ᠭᠤᠤᠯ ᠠᠶᠢᠮᠠᠭ ᠤᠨ ᠳᠡᠳ᠋ ᠳᠠᠷᠤᠭ᠎ᠠ ᠶᠠᠩ ᠯᠢ ᠲᠠᠢ ᠠᠭᠤᠯᠵᠠᠪᠠ᠃       ᠶᠢᠨ ᠮᠠᠨᠰᠠᠩ ᠶᠠᠩ ᠯᠢ ᠨᠡᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 — 2025 ᠣᠨ︶︾ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠶ᠃ ᠬᠥᠮᠦᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ᠂ ᠮᠢᠩᠭᠠᠨ ᠬᠥᠮᠦᠨ  ᠪᠦᠷᠢ  ᠳᠤ  ᠨᠣᠭᠳᠠᠬᠤ  ᠨᠡᠶᠢᠭᠡᠮ  ᠤᠨ  ᠪᠡᠶ᠎ᠡ  ᠶᠢᠨ  ᠲᠠᠮᠢᠷ  ᠤᠨ  ᠵᠢᠭᠠᠨ ᠵᠢᠯᠣᠭᠤᠳᠣᠭᠴᠢ ᠶᠢᠨ ᠲᠤᠭ᠎ᠠ᠂ ︽ᠢᠷᠭᠡᠨ ᠤ ᠪᠡᠶ᠎ᠡ ᠮᠠᠬᠠᠪᠣᠳ ᠢ ᠬᠡᠮᠵᠢᠨ ᠲᠣᠭᠲᠠᠭᠠᠬᠤ ᠪᠠᠷᠢᠮᠵᠢᠶ᠎ᠠ︾ ᠶᠢᠨ ᠬᠢᠷᠢ ᠲᠡᠩᠴᠡᠭᠰᠡᠨ ᠠᠴᠠ ᠳᠡᠭᠡᠭᠰᠢᠬᠢ ᠬᠥᠮᠦᠨ ᠤ ᠲᠤᠭ᠎ᠠ ᠶᠢᠨ ᠬᠠᠷᠢᠴᠠᠯ ᠵᠡᠷᠭᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠭᠦᠢᠴᠡᠳᠬᠡᠬᠦ ᠲᠤᠭ᠎ᠠ᠂ ᠮᠥᠰᠥᠨ ᠳᠡᠭᠡᠷᠡᠬᠢ ᠯᠤᠤᠲᠤ ᠣᠩᠭᠤᠴᠠ᠂ ᠬᠥᠯ ᠪᠥᠮᠪᠦᠭᠡ ᠶᠢᠨ ᠬᠥᠳᠡᠯᠭᠡᠭᠡᠨ ᠵᠡᠷᠭᠡ ᠲᠤᠬᠠᠶ ᠶᠢᠨ ᠭᠠᠵᠠᠷ ᠤᠨ ᠣᠨᠴᠠᠯᠢᠭ ᠲᠠᠢ᠂ ᠠᠮᠵᠢᠯᠲᠠ ᠲᠠᠢ᠂ ᠬᠥᠭᠵᠢᠯᠲᠡ ᠲᠠᠢ ᠳᠠᠪᠠᠭᠤᠯᠢᠭ ᠲᠥᠷᠥᠯ ᠵᠦᠢᠯ ᠢᠶᠠᠷ ᠲᠦᠰᠢᠭ ᠪᠣᠯᠭᠠᠵᠤ᠂ 2022 ᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠪᠡᠯᠡᠳᠬᠡᠬᠦ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠢ ᠬᠥᠮᠦᠵᠢᠭᠦᠯᠬᠦ᠂ ᠲᠠᠯᠠᠪᠠᠶ ᠣᠷᠳᠣᠨ ᠪᠠᠶᠢᠭᠤᠯᠬᠤ᠂ ᠭᠠᠳᠠᠭᠠᠳᠤ ᠨᠡᠭᠡᠭᠡᠯᠲᠡ ᠬᠢᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠲᠦᠭᠡᠮᠡᠯᠵᠢᠭᠦᠯᠦᠨ ᠤᠬᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠪᠡᠶ᠎ᠡ ᠶᠢᠨ ᠲᠠᠮᠢᠷ ᠪᠠ ᠵᠢᠭᠤᠯᠴᠢᠯᠠᠯ ᠢ ᠠᠭᠤᠰᠤᠯᠴᠠᠭᠤᠯᠬᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠷᠠᠳ ᠣᠯᠠᠨ ᠤ ᠪᠠᠶᠠᠷ ᠬᠥᠷ ᠲᠠᠢ ᠪᠡᠶ᠎ᠡ ᠴᠢᠭᠢᠷᠠᠭᠵᠢᠭᠤᠯᠬᠤ ᠳᠤ ᠲᠥᠬᠦᠮ ᠦᠵᠡᠭᠦᠯᠬᠦ ᠲᠠᠯᠠᠪᠤᠷ ᠲᠥᠬᠦᠭᠡᠷᠦᠮᠵᠢ ᠶᠢᠨ ᠨᠥᠬᠦᠴᠡᠯ ᠢ ᠡᠭᠦᠳᠦᠨ ᠥᠭᠴᠦ᠂ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠳᠤ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠤᠷᠤᠯᠳᠤᠭᠠᠨ ᠤ ᠠᠮᠤᠷ ᠲᠦᠪᠰᠢᠨ᠂ ᠤᠷᠤᠯᠳᠤᠭᠠᠨ ᠤ ᠶᠠᠪᠤᠳᠠᠯ ᠤᠨ ᠬᠢᠨᠠᠯᠲᠠ ᠬᠠᠮᠢᠶᠠᠷᠤᠯᠲᠠ᠂ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠪᠠ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠴᠢᠩᠭᠠᠳᠬᠠᠬᠤ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠨ᠂ ᠥᠷᠭᠡᠨ ᠣᠯᠠᠨ ᠲᠠᠮᠢᠷᠴᠢᠨ᠂ ᠳᠠᠰᠬᠠᠯᠵᠢᠭᠤᠯᠤᠭᠴᠢ ᠪᠠ ᠪᠡᠶ᠎ᠡ ᠶᠢᠨ ᠲᠠᠮᠢᠷ ᠤᠨ ᠠᠵᠢᠯᠲᠠᠳ ᠢ ᠰᠠᠭᠤᠷᠢ ᠱᠤᠭᠤᠮ ᠢ ᠰᠠᠬᠢᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠷ ᠬᠥᠮᠦᠵᠢᠭᠦᠯᠦᠨ᠎ᠡ᠃ ᠬᠠᠯᠠᠭᠳᠠᠭᠰᠠᠨ ᠲᠠᠮᠢᠷᠴᠢᠳ ᠢ ᠲᠥᠪᠬᠢᠨᠡᠭᠦᠯᠬᠦ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠡᠳᠡᠨ ᠤ ᠠᠵᠢᠯ ᠤᠯᠬᠤ ᠳᠤ ᠠᠰᠢᠭᠲᠠᠶ ᠨᠥᠬᠦᠴᠡᠯ ᠢ ᠬᠠᠩᠭᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃     ᠶᠠᠩ ᠯᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠤᠷᠲᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠳᠡᠮᠵᠢᠵᠦ ᠵᠢᠯᠣᠭᠤᠳᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠭᠦᠨ ᠤ ᠵᠡᠷᠭᠡ ᠳᠤ ᠰᠢ ᠶᠢᠨ ᠫᠢᠩ ᠶᠡᠷᠦᠩᠬᠡᠶ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠪᠣᠯᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 —2025 ᠣᠨ︶︾ ᠵᠡᠷᠭᠡ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠵᠢᠭᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠭᠡᠯ ᠪᠠ ᠲᠡᠭᠦᠰᠬᠡᠯ ᠪᠣᠯᠭᠠᠵᠤ᠂ ᠣᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ  ᠦᠢᠯᠡᠰ ᠵᠡᠷᠭᠡ ᠠᠵᠢᠯ ᠢ ᠨᠠᠷᠢᠯᠢᠭ ᠪᠥᠭᠡᠳ ᠪᠣᠳᠠᠲᠠᠶᠢᠵᠢᠭᠤᠯᠵᠤ᠂ ᠲᠤᠬᠠᠶ ᠶᠢᠨ ᠭᠠᠵᠠᠷ ᠤᠨ ᠬᠥᠭᠵᠢᠯᠲᠡ ᠳᠤ ᠳᠣᠭᠢᠷᠠᠬᠤ ᠰᠠᠶᠢᠨ ᠲᠥᠷᠥᠯ ᠵᠦᠢᠯ᠂ ᠰᠠᠶᠢᠨ ᠠᠵᠢᠯᠯᠠᠭ᠎ᠠ ᠶᠢ ᠬᠢᠨᠠᠮᠠᠭᠠᠶ ᠰᠤᠳᠤᠯᠵᠤ᠂ ᠰᠢᠯᠢ ᠶᠢᠨ ᠭᠤᠤᠯ ᠠᠶᠢᠮᠠᠭ ᠤᠨ ᠪᠡᠶ᠎ᠡ ᠶᠢᠨ ᠲᠠᠮᠢᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠢᠯᠡᠷᠬᠡᠶᠢᠯᠡᠵᠡᠶ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠠᠶ ᠮᠢᠨ᠂ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠰᠢᠯᠢ ᠶᠢᠨ ᠭᠤᠤᠯ ᠠᠶᠢᠮᠠᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠠᠭᠤᠯᠵᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号