ᠶᠢᠨ ᠮᠠᠨᠰᠠᠩ ᠣᠷᠳᠣᠰ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ ᠲᠠᠢ ᠠᠭᠤᠯᠵᠠᠪᠠ
ᠨᠡᠶᠢᠲᠡᠯᠡᠭᠰᠡᠨ ᠴᠠᠭ᠄
2021/11/19
    11 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠬᠥᠬᠡᠬᠤᠲᠠ ᠳᠤ ᠣᠷᠳᠣᠰ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ ᠲᠠᠢ ᠠᠭᠤᠯᠵᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠰᠠᠶᠢᠲᠠᠶ ᠪᠡᠶᠡᠯᠡᠭᠦᠯᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠢᠶᠠᠷ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃
    ᠶᠢᠨ ᠮᠠᠨᠰᠠᠩ ᠠᠴᠠ ᠸᠠᠩ ᠰᠢᠨ ᠢᠦᠢ ᠨᠡᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠤᠷᠳᠤᠰ ᠬᠤᠳᠠ ᠶᠢᠨ ᠪᠡᠶ᠎ᠡ ᠶᠢᠨ ᠲᠠᠮᠢᠷ ᠤᠨ ᠠᠵᠢᠯ ᠢ ᠴᠢᠬᠤᠯᠠᠴᠢᠯᠠᠨ ᠦᠵᠡᠵᠦ ᠳᠡᠮᠵᠢᠭᠰᠡᠨ ᠳᠤ ᠲᠠᠯᠠᠷᠬᠠᠪᠠ᠃  ᠶᠢᠨ ᠮᠠᠨᠰᠠᠩ ᠠᠴᠠ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠮᠠᠨ ᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠬᠢᠷᠢ ᠲᠦᠪᠰᠢᠨ ᠪᠠᠷ ᠬᠠᠮᠤᠭ ᠤᠨ ᠥᠨᠳᠥᠷ᠂ ᠨᠥᠯᠥᠭᠡ ᠪᠠᠷ ᠬᠠᠮᠤᠭ ᠤᠨ ᠥᠷᠭᠡᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ ᠮᠥᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢ ᠳᠥᠯᠭᠢᠨ ᠠᠬᠢᠭᠤᠯᠬᠤ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯ ᠪᠠᠳᠠᠷᠠᠯ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠃ ᠤᠷᠳᠤᠰ ᠬᠤᠳᠠ ᠶᠢᠨ ᠬᠢᠨ ᠪᠡᠯᠡᠳᠬᠡᠯ ᠠᠵᠢᠯ ᠤᠨ ᠬᠤᠭᠤᠴᠠᠭᠠᠨ ᠳᠠᠭᠠᠨ ᠡᠯ᠎ᠡ ᠲᠦᠷᠦᠯ ᠤᠨ ᠪᠡᠯᠡᠳᠬᠡᠯ ᠠᠵᠢᠯ ᠢ ᠪᠣᠳᠠᠲᠠᠢ᠂ ᠨᠠᠷᠢᠯᠢᠭ ᠪᠥᠭᠡᠳ ᠰᠠᠶᠢᠲᠤᠷ ᠠᠳᠬᠤᠵᠤ᠂ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠢ   ᠣᠨᠴᠠᠯᠢᠭ ᠢᠶᠠᠷ ᠢᠯᠡ ᠲᠣᠳᠣ᠂ ᠠᠷᠠᠳ ᠤᠯᠠᠨ ᠳᠤ ᠠᠰᠢᠭ ᠬᠦᠷᠲᠡᠭᠡᠬᠦ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠦ ᠭᠠᠷᠭᠠᠪᠠ᠃     ᠶᠢᠨ ᠮᠠᠨᠰᠠᠩ ᠠᠴᠠ ᠤᠷᠳᠤᠰ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠤᠱᠯᠠᠭᠤᠯᠤᠨ  ᠨᠠᠶᠢᠳᠠᠪᠤᠷᠢᠵᠢᠭᠤᠯᠵᠤ᠂  ᠠᠷᠠᠳ  ᠲᠦᠮᠡᠨ  ᠢᠶᠠᠷ  ᠭᠤᠣᠯ  ᠪᠣᠯᠭᠠᠬᠤ  ᠶᠢ  ᠪᠠᠷᠢᠮᠲᠠᠯᠠᠵᠤ᠂ ︽ ᠪᠥᠬᠦ  ᠠᠷᠠᠳ  ᠤᠨ  ᠪᠡᠶ᠎ᠡ  ᠴᠢᠭᠢᠷᠠᠭᠵᠢᠭᠤᠯᠬᠤ  ᠲᠥᠯᠥᠪᠯᠡᠭᠡ  ︵2021 —  2025 ᠣᠨ  ︶︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ︾᠂ ︽ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠶᠢ ᠭᠦᠨᠵᠡᠭᠡᠶ ᠰᠤᠷᠤᠯᠴᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠵᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠲᠣᠬᠢᠶᠠᠯ ᠪᠣᠯᠭᠠᠨ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ  ᠬᠡᠷᠡᠭᠵᠢᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃
    ᠸᠠᠩ ᠰᠢᠨ ᠢᠦᠶ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠣᠷᠳᠣ ᠬᠤᠭᠤᠴᠠᠭᠠᠨ ᠤ ᠲᠤᠷᠰᠢ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠠ ᠵᠢᠯᠣᠭᠤᠳᠣᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠵᠦ᠂ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠬᠦᠮ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠪᠠᠶᠢᠬᠤ ᠶᠢ ᠦᠨᠡᠨ ᠬᠦ ᠪᠠᠲᠤᠯᠠᠨ᠎ᠠ᠃ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠠᠶ ᠮᠢᠨ᠂ ᠬᠠᠮᠢᠶ᠎ᠠ ᠪᠥᠬᠦᠶ ᠭᠠᠵᠠᠷ ᠤᠨ ᠬᠠᠷᠢᠭᠤᠴᠠᠯᠭᠠᠲᠠᠨ᠂ ᠣᠷᠳᠣᠰ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠠᠭᠤᠯᠵᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号