ᠤᠬᠠᠭᠤᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠪᠡᠶ᠎ᠡ ᠶᠢᠨ ᠲᠠᠮᠢᠷ ᠤᠨ ᠦᠯᠢᠭᠡᠷ ᠢ ᠰᠤᠷᠳᠠᠯᠴᠢᠯᠠᠨ᠎ᠠ
ᠨᠡᠶᠢᠲᠡᠯᠡᠭᠰᠡᠨ ᠴᠠᠭ᠄
2021/11/2
    10 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠲᠠᠢ ᠬᠥᠬᠡᠬᠤᠲᠠ ᠳᠤ ᠰᠠᠭᠤᠳᠠᠯ ᠤᠨ ᠬᠤᠷᠠᠯ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠵᠡᠷᠭᠡ ᠲᠠᠯ᠎ᠠ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠲᠤᠬᠠᠶ  ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠶᠡᠷᠦᠩᠬᠡᠶ ᠨᠠᠶᠢᠷᠠᠭᠤᠯᠤᠭᠴᠢ ᠪᠠᠶ ᠰᠢ ᠾᠦᠢ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠸᠢᠳᠢᠣ᠋ ᠶᠡᠷᠦᠩᠬᠡᠶᠢᠯᠡᠭᠰᠡᠨ ᠤᠷᠠᠯᠢᠭ ᠪᠡᠶ᠎ᠡ ᠶᠢᠨ ᠲᠠᠮᠢᠷ ᠤᠨ ᠫᠷᠤᠭ᠍ᠷᠠᠮ ᠦᠢᠯᠡᠳᠬᠦ ᠲᠥᠪ ᠤᠨ ᠡᠷᠬᠢᠯᠡᠭᠴᠢ ᠮᠧᠩ ᠬᠤᠩ ᠰᠠᠭᠤᠳᠠᠯ ᠤᠨ ᠬᠤᠷᠠᠯ ᠳᠤ ᠣᠷᠣᠯᠴᠠᠪᠠ᠃
    ᠶᠢᠨ ᠮᠠᠨᠰᠠᠩ ᠤᠯᠠᠨ ᠲᠠᠢ ᠬᠠᠮᠲᠤᠪᠠᠷ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 — 2025︶︾ ᠵᠡᠷᠭᠡ ᠪᠢᠴᠢᠭ ᠮᠠᠲ᠋ᠧᠷᠢᠶᠡᠯ ᠤᠨ ᠵᠣᠷᠢᠭ ᠰᠠᠨᠠᠭ᠎ᠠ ᠶᠢ ᠰᠤᠷᠤᠯᠴᠠᠵᠦ᠂ ᠡᠨᠡ ᠵᠢᠯ ᠬᠤᠶᠠᠷ ᠵᠠᠭᠤᠴᠢᠯᠠᠭᠤᠷ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠢᠯ᠂ ᠢᠯᠠᠩᠭᠤᠶ᠎ᠠ ᠮᠠᠨ ᠤ ᠣᠷᠣᠨ ᠤ ᠲᠠᠮᠢᠷᠴᠢᠳ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠷᠤᠯᠴᠠᠭᠰᠠᠨ ᠲᠤᠬᠠᠢ ᠮᠡᠳᠡᠭᠡᠯᠡᠭᠰᠡᠨ ᠪᠠᠶᠢᠳᠠᠯ ᠢ ᠲᠠᠨᠢᠯᠴᠠᠭᠤᠯᠪᠠ᠃ ᠶᠢᠨ ᠮᠠᠨᠰᠠᠩ ᠠᠴᠠ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠣᠯᠤᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠠᠬᠢᠭᠤᠯᠬᠤ᠂ ᠤᠯᠠᠨ ᠲᠦᠮᠡᠨᠴᠢ ᠪᠡᠶ᠎ᠡ ᠶᠢᠨ ᠲᠠᠮᠢᠷ ᠪᠣᠯᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠦᠮᠦᠵᠢᠬᠦᠯᠬᠦ ᠶᠢ ᠠᠬᠢᠭᠤᠯᠬᠤ ᠬᠡᠷᠡᠭᠳᠡᠢ᠂ ᠬᠥᠮᠦᠨ ᠳᠤᠮᠳᠠᠴᠢ ᠶᠢᠨ 2.6 ᠲᠡᠭᠰᠢ ᠳᠥᠷᠪᠡᠯᠵᠢᠨ ᠮᠧᠲᠷ ᠤᠨ ᠪᠡᠶ᠎ᠡ ᠶᠢᠨ ᠲᠠᠮᠢᠷ ᠤᠨ ᠲᠠᠯᠠᠪᠠᠶ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ 38.5%᠂ ᠮᠢᠩᠭᠠᠨ ᠬᠥᠮᠦᠨ ᠪᠦᠷᠢ ᠳᠤ ᠨᠣᠭᠳᠠᠬᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠥᠮᠦᠨ ᠤ ᠲᠤᠭ᠎ᠠ 2.16᠂ ︽ᠢᠷᠭᠡᠨ ᠤ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠᠷᠢᠮᠵᠢᠶ᠎ᠠ︾ ᠶᠢᠨ ᠬᠢᠷᠢ ᠲᠡᠩᠴᠡᠭᠰᠡᠨ ᠠᠴᠠ ᠳᠡᠭᠡᠭᠰᠢᠬᠢ ᠬᠥᠮᠦᠨ ᠤ ᠲᠤᠭ᠎ᠠ ᠶᠢᠨ ᠬᠠᠷᠢᠴᠠᠯ 90% ᠵᠡᠷᠭᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠨᠢᠨ ᠮᠡᠳᠡᠭᠡᠨ ᠤ ᠮᠡᠳᠡᠭᠡᠯᠡᠯ ᠤᠨ ᠭᠦᠨᠴᠠ ᠴᠢᠨᠠᠷ᠂ ᠦᠯᠢᠭᠡᠷᠲᠦ ᠴᠢᠨᠠᠷ ᠪᠣᠯᠤᠨ ᠨᠥᠯᠥᠭᠡᠯᠡᠬᠦ ᠬᠦᠴᠦᠨ ᠢ ᠴᠢᠩᠭᠠᠳᠬᠠᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠯᠢᠭᠡᠷ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠤᠨ᠎ᠠ ᠭᠡᠵᠦ ᠢᠯᠡᠷᠬᠡᠶᠢᠯᠡᠪᠡ᠃     ᠪᠠᠢ ᠰᠢ ᠾᠦᠢ ᠠᠴᠠ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠪᠡᠶ᠎ᠡ ᠶᠢᠨ ᠲᠠᠮᠢᠷ ᠤᠨ ᠠᠵᠢᠯ ᠲᠦᠷᠦᠯ ᠪᠣᠯᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠦᠴᠦᠨ ᠢ ᠴᠢᠨᠠᠭᠰᠢᠳᠠ ᠨᠡᠶᠢᠳᠬᠡᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠩᠬᠠᠷᠤᠯ ᠤᠨ ᠬᠠᠷᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠰᠡᠳᠦᠪ ᠰᠣᠩᠭᠤᠬᠤ ᠪᠠᠨ ᠨᠠᠷᠢᠯᠢᠬᠵᠢᠭᠤᠯᠵᠤ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ ᠭᠡᠵᠦ ᠢᠯᠡᠳᠬᠡᠪᠡ᠃ ᠮᠧᠩ ᠬᠤᠩ ᠠᠴᠠ ᠬᠤᠶᠢᠰᠢᠳᠠ ᠬᠠᠮ ᠵᠠᠭᠤᠴᠢᠯᠠᠭᠤᠷ ᠤᠨ ᠲᠠᠪᠴᠠᠩ ᠢ ᠰᠢᠯᠢᠳᠡᠭᠵᠢᠭᠦᠯᠬᠦ᠂ ᠠᠭᠤᠯᠭ᠎ᠠ ᠶᠢᠨ ᠦᠢᠯᠡᠳᠪᠦᠷᠢᠯᠡᠯ ᠢ ᠴᠢᠩᠭᠠᠳᠬᠠᠬᠤ ᠪᠠᠷ ᠠᠷᠭ᠎ᠠ ᠵᠠᠮ ᠪᠣᠯᠭᠠᠵᠤ᠂ ᠭᠤᠣᠯ ᠵᠠᠭᠤᠴᠢᠯᠠᠭᠤᠷ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠰᠢᠨ᠎ᠡ ᠥᠨᠳᠦᠷᠯᠢᠭ ᠢ ᠢᠳᠡᠪᠬᠢᠲᠡᠢ ᠴᠣᠭᠴᠠᠯᠠᠵᠤ᠂ ᠮᠠᠨ ᠤ ᠣᠷᠣᠨ ᠤ ᠲᠠᠮᠢᠷᠴᠢᠳ ᠤᠨ ᠡᠷᠡᠯᠬᠡᠭᠯᠡᠨ ᠲᠡᠮᠡᠴᠡᠬᠦ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠲᠦᠭᠡᠮᠡᠯᠵᠢᠭᠦᠯᠦᠨ ᠬᠥᠭᠵᠢᠭᠦᠯᠬᠦ ᠶᠢᠨ ᠠᠷᠤ ᠳᠠᠬᠢ ᠦᠯᠢᠭᠡᠷ ᠢ ᠭᠦᠨᠵᠡᠭᠡᠢ ᠤᠬᠠᠭᠤᠯᠤᠨ᠎ᠡ ᠭᠡᠵᠦ ᠢᠯᠡᠳᠬᠡᠪᠡ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号