ᠶᠢᠨ ᠮᠠᠨᠰᠠᠩ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2021/11/24
    11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠬᠥᠬᠡᠬᠤᠲᠠ ᠳᠤ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ᠂ ᠪᠡᠶ᠎ᠡ ᠶᠢᠨ ᠲᠠᠮᠢᠷ ᠤᠨ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃
    ᠰᠦᠢ ᠸᠧᠢ ᠵᠢᠶᠦ᠋ᠨ ᠡᠩ ᠲᠡᠷᠢᠭᠦᠨ ᠳᠤ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠡ ᠤᠯᠠᠨ ᠵᠢᠯ ᠤᠨ ᠲᠤᠷᠰᠢᠬᠢ ᠤᠯᠠᠭᠠᠨᠴᠠᠪ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠠᠭᠠᠨᠴᠠᠪ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠰᠦᠶ ᠸᠧᠶ ᠵᠢᠶᠦ᠋ᠨ ᠬᠡᠯᠡᠬᠦ ᠳᠡᠭᠡᠨ᠂ ᠪᠡᠶ᠎ᠡ ᠶᠢᠨ ᠲᠠᠮᠢᠷ ᠪᠣᠯ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠤᠯᠠᠭᠠᠨᠴᠠᠪ ᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠨᠡᠶᠢᠰᠯᠡᠯ ᠬᠢᠭᠡᠳ ᠣᠷᠣᠨ ᠤ ᠲᠥᠪ ᠤᠨ ᠬᠤᠭᠤᠷᠣᠨᠳᠣᠬᠢ ᠪᠠᠶᠢᠭᠠᠯᠢ ᠶᠢᠨ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠤᠨ᠂ ᠥᠪᠡᠷᠮᠢᠴᠡ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠢ ᠪᠣᠶ ᠪᠣᠯᠭᠠᠵᠤ᠂ ᠭᠠᠷᠠᠭ ᠤᠨ ᠰᠡᠭᠦᠯᠴᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠢ ᠴᠢᠷᠮᠠᠶᠢᠨ ᠪᠠᠶᠢᠭᠤᠯᠵᠤ᠂ ᠬᠥᠮᠦᠨ ᠪᠣᠯᠭᠠᠨ ᠳᠤᠷ᠎ᠠ ᠰᠣᠨᠢᠷᠬᠠᠯ ᠲᠠᠢ᠂ ᠬᠥᠮᠦᠨ ᠪᠣᠯᠭᠠᠨ ᠣᠷᠣᠯᠴᠠᠵᠤ ᠳᠡᠶᠢᠯᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠤᠨ ᠠᠭᠤᠯᠤᠭᠳᠠᠬᠤᠨ ᠢ ᠦᠷᠭᠦᠯᠵᠢᠯᠡᠨ ᠤᠷᠲᠤᠳᠬᠠᠵᠤ᠂ ᠪᠡᠶ᠎ᠡ ᠶᠢᠨ ᠲᠠᠮᠢᠷ ᠤᠨ ᠦᠨ᠎ᠡ ᠥᠷᠲᠡᠭ ᠢ ᠪᠠᠳᠠᠷᠠᠭᠤᠯᠤᠨ᠂ ᠪᠡᠶ᠎ᠡ ᠶᠢᠨ ᠲᠠᠮᠢᠷ ᠢᠶᠠᠷ ᠤᠯᠠᠭᠠᠨᠴᠠᠪ ᠬᠤᠲᠠ ᠶᠢᠨ ︽ᠲᠠᠪᠤᠨ ᠵᠦᠢᠯ︾ ᠤᠨ ᠠᠵᠤ ᠠᠬᠤᠶ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠵᠤ᠂ ᠡᠷᠡᠭᠦᠯ ᠴᠢᠭᠢᠷᠠᠭ ᠠᠮᠢᠵᠢᠷᠠᠯ ᠤᠨ ᠬᠦᠴᠦᠨ ᠲᠠᠢ ᠤᠯᠠᠭᠠᠨᠴᠠᠪ ᠢ ᠪᠥᠲᠥᠭᠡᠨ ᠪᠠᠶᠢᠭᠤᠯᠬᠤ ᠳᠤ ᠪᠦᠲᠦᠮᠵᠢᠲᠡᠶ ᠪᠠᠲᠤᠯᠠᠭ᠎ᠠ ᠬᠠᠩᠭᠠᠨ᠎ᠠ  ᠭᠡᠪᠡ᠃
    ᠶᠢᠨ ᠮᠠᠨᠰᠠᠩ ᠰᠦᠢ ᠸᠧᠢ ᠵᠢᠶᠦ᠋ᠨ ᠨᠡᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠶᠢᠨ ᠮᠠᠨᠰᠠᠩ ᠠᠴᠠ ᠪᠡᠶ᠎ᠡ ᠶᠢᠨ ᠲᠠᠮᠢᠷ ᠨᠢ ᠤᠯᠤᠰ ᠤᠨ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ ᠤᠨ ᠬᠦᠰᠡᠯ ᠵᠡᠭᠦᠳᠦ ᠶᠢ ᠠᠴᠢᠶᠠᠯᠠᠵᠤ᠂ ᠠᠷᠠᠳ ᠲᠦᠮᠡᠨ ᠤ ᠵᠣᠯ ᠵᠢᠷᠭᠠᠯ ᠲᠠᠢ ᠬᠤᠯᠪᠣᠭᠳᠠᠵᠤ᠂ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠨ᠎ᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠠᠵᠢᠯ ᠤᠨ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠰᠡᠳᠬᠢᠮᠵᠢ ᠨᠢ ᠲᠣᠳᠣᠷᠬᠠᠶ᠂ ᠬᠠᠷᠠᠯᠲᠠ ᠨᠢ ᠲᠣᠳᠣᠷᠬᠠᠶ ᠪᠠᠶᠢᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠠᠯᠬᠤᠴᠠ ᠨᠢ ᠤᠷᠢᠳᠴᠢᠯᠠᠵᠠᠶ᠃ ᠤᠯᠠᠭᠠᠨᠴᠠᠪ ᠬᠤᠲᠠ ᠶᠢᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 — 2025 ᠣᠨ︶︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ︾᠂ ︽ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠶᠢ ᠭᠦᠨᠵᠡᠭᠡᠶ ᠰᠤᠷᠤᠯᠴᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠶ ᠵᠣᠬᠢᠰᠲᠠᠶ ᠪᠠᠶᠢᠷᠢᠰᠢᠭᠤᠯᠵᠤ᠂ ᠭᠠᠵᠠᠷ ᠣᠷᠣᠨ ᠤ ᠣᠨᠴᠠᠯᠢᠭ ᠲᠠᠢ ᠲᠥᠷᠥᠯ ᠵᠦᠢᠯ ᠢᠶᠠᠷ ᠪᠡᠶ᠎ᠡ ᠶᠢᠨ ᠲᠠᠮᠢᠷ ᠤᠨ ᠦᠢᠯᠡᠰ ᠤᠨ ᠪᠦᠬᠦᠯᠢ ᠴᠣᠭᠴᠠ ᠶᠢᠨ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠤᠨ᠎ᠠ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠪᠠ ᠵᠤᠭᠠᠴᠠᠯ ᠤᠨ ᠠᠭᠤᠰᠤᠯᠴᠠᠯ ᠢ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠢᠶᠠᠷ ᠪᠡᠶ᠎ᠡ ᠶᠢᠨ ᠲᠠᠮᠢᠷ ᠤᠨ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠳᠡᠢ ᠭᠡᠵᠦ ᠵᠢᠭᠠᠵᠦ ᠭᠠᠷᠭᠠᠪᠠ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠯᠢᠦ ᠬᠤ᠋ ᠴᠧᠩ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠭᠦᠸᠧ ᠭᠠᠩ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ ᠵᠢᠴᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ᠂ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠠᠭᠤᠯᠵᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号