ᠶᠢᠨ ᠮᠠᠨᠰᠠᠩ ᠲᠦᠩᠯᠢᠶᠣᠤ ᠬᠤᠲᠠ ᠶᠢᠨ ᠳᠡᠳ᠋ ᠳᠠᠷᠤᠭ᠎ᠠ ᠼᠤᠤ ᠶᠢᠨ ᠱᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2021/12/27
    12 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠬᠥᠬᠡᠬᠤᠲᠠ ᠳᠤ ᠲᠦᠩᠯᠢᠶᠣᠤ ᠬᠤᠲᠠ ᠶᠢᠨ ᠳᠡᠳ᠋ ᠳᠠᠷᠤᠭ᠎ᠠ ᠼᠤᠤ ᠶᠢᠨ ᠱᠠᠨ ᠲᠠᠢ ᠠᠭᠤᠯᠵᠠᠪᠠ᠃
    ᠶᠢᠨ ᠮᠠᠨᠰᠠᠩ ᠼᠤᠤ ᠶᠢᠨ ᠱᠠᠨ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠠᠭᠤᠯᠵᠠᠯᠲᠠ ᠶᠢᠨ ᠬᠤᠭᠤᠴᠠᠭᠠᠨ ᠳᠤ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 — 2025 ᠣᠨ︶︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠡᠷᠡᠭᠵᠢᠭᠦᠯᠬᠦ ᠲᠥᠰᠦᠯ︾᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠵᠡᠷᠭᠡ ᠲᠤᠯᠤᠭᠠᠨ ᠶᠠᠮᠤᠨ ᠬᠤᠷᠢᠶ᠎ᠠ ᠶᠢᠨ ︽ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠬᠠᠮᠲᠤ ᠪᠠᠷ ᠰᠤᠷᠤᠯᠴᠠᠪᠠ᠃
    ᠼᠤᠤ ᠶᠢᠨ ᠱᠠᠨ ᠠᠴᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠤᠷᠲᠤ ᠬᠤᠭᠤᠴᠠᠭᠠᠨ ᠤ ᠲᠤᠷᠰᠢ ᠲᠦᠩᠯᠢᠶᠣᠤ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠳᠡᠮᠵᠢᠵᠦ ᠵᠢᠯᠣᠭᠤᠳᠤᠭᠰᠠᠨ ᠳᠤ ᠲᠠᠯᠠᠷᠬᠠᠬᠤ ᠶᠢᠨ ᠬᠠᠮᠲᠤ ︽ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠯᠥᠪᠯᠡᠭᠡ ︵2021 ᡺ 2025 ᠣᠨ︶︾ ᠵᠡᠷᠭᠡ ᠪᠢᠴᠢᠭ ᠮᠠᠲ᠋ᠧᠷᠢᠶᠠᠯ ᠤᠨ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠵᠢᠭᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠭᠡᠯ ᠪᠠ ᠲᠡᠭᠦᠰᠬᠡᠯ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ᠪᠥᠬᠦ ᠠᠷᠠᠳ ᠢ ᠬᠥᠳᠡᠯᠦᠯᠴᠡᠵᠦ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠨ᠎ᠠ ᠭᠡᠪᠡ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠲᠦᠩᠯᠢᠶᠣᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠠᠭᠤᠯᠵᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号