ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠵᠠᠰᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/12
    ᠣᠶᠢᠷ᠎ᠠ ᠳᠤ᠂ ᠪᠡᠶ᠎ᠡ ᠶᠢᠨ ᠲᠠᠮᠢᠷ ᠤᠨ ᠰᠢᠰᠲ᠋ᠧᠮ ᠤᠨ ᠠᠵᠢᠯ ᠤᠨ ᠰᠠᠬᠢᠯᠭ᠎ᠠ ᠪᠠᠲᠤ ᠶᠢ ᠪᠥᠬᠦ ᠲᠠᠯ᠎ᠠ ᠪᠠᠷ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠰᠢᠰᠲ᠋ᠧᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠣᠯᠠᠨ‌ᠵᠦ᠋ᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ᠂ ᠲᠥᠪ ᠰᠤᠷᠲᠠᠯ ᠢ ᠪᠠᠳᠠᠷᠠᠭᠤᠯᠬᠤ᠂ ᠪᠣᠳᠠᠲᠠᠶ ᠠᠵᠢᠯᠯᠠᠬᠤ ᠶᠢ ᠡᠷᠬᠢᠮᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠪᠡᠶ᠎ᠡ ᠶᠢᠨ ᠲᠠᠮᠢᠷ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠪᠡ᠃     ᠨᠢᠭᠡ ᠳᠤ᠂ ᠦᠨᠡᠨᠴᠢ ᠢᠲᠡᠭᠡᠮᠵᠢᠲᠡᠶ ᠪᠠᠷ ᠵᠠᠰᠠᠬᠤ ᠠᠵᠢᠯ ᠤᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︽ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠦᠨᠡᠨᠴᠢ ᠢᠲᠡᠭᠡᠮᠵᠢ ᠶᠢᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢ ᠥᠷᠨᠢᠭᠦᠯᠬᠦ ᠠᠵᠢᠯ ᠤᠨ ᠲᠥᠰᠦᠯ︾ ᠢ ᠲᠣᠭᠲᠠᠭᠠᠵᠤ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠦᠨᠡᠨᠴᠢ ᠢᠲᠡᠭᠡᠮᠵᠢ ᠶᠢᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢ ᠥᠷᠨᠢᠭᠦᠯᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠢᠶᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠵᠤ᠂ ᠡᠯ᠎ᠡ ᠰᠠᠯᠠᠭ᠎ᠠ ᠲᠠᠰᠤᠭ᠂ ᠡᠯ᠎ᠡ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠵᠤ᠂ ᠦᠨᠡᠨᠴᠢ ᠢᠲᠡᠭᠡᠮᠵᠢ ᠶᠢᠨ ᠵᠠᠰᠠᠯᠲᠠ ᠶᠢᠨ ᠬᠠᠮᠢᠶ᠎ᠠ ᠪᠥᠬᠦᠶ ᠠᠵᠢᠯ ᠤᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠡᠯ᠎ᠡ ᠰᠢᠭᠤᠳ ᠬᠠᠷᠢᠶ᠎ᠠ ᠨᠢᠭᠡᠴᠡ ᠶᠢ ᠵᠣᠬᠢᠶᠠᠨ ᠪᠠᠶᠢᠭᠤᠯᠵᠤ ᠪᠠᠶᠢᠭᠠᠳ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠲᠠᠩᠰᠠ ᠡᠪᠬᠡᠮᠡᠯ ᠢ ᠡᠮᠬᠢᠯᠡᠨ ᠳᠢᠭᠯᠡᠬᠦ᠂ ᠬᠢᠨᠠᠨ ᠬᠠᠷᠭᠤᠭᠤᠯᠬᠤ᠂ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃ ᠨᠢᠭᠡᠴᠢ ᠶᠢᠨ ᠳᠣᠲᠣᠭᠠᠳᠤ ᠶᠢᠨ ᠡᠵᠡᠮᠳᠡᠯ ᠤᠨ ᠲᠦᠷᠢᠮ ᠢ ᠤᠯᠠᠮ ᠨᠢᠭᠡ ᠠᠯᠬᠤᠮ ᠵᠠᠰᠠᠨ ᠨᠠᠷᠢᠯᠢᠬᠵᠢᠭᠤᠯᠵᠤ᠂ ᠳᠣᠲᠣᠭᠠᠳᠤ ᠬᠠᠮᠢᠶᠠᠷᠤᠯᠲᠠ ᠶᠢ ᠳᠦᠷᠢᠮᠵᠢᠭᠦᠯᠬᠦ᠂ ᠴᠤᠪᠤᠷᠠᠯᠵᠢᠭᠤᠯᠬᠤ᠂ ᠵᠢᠷᠤᠮᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠲᠠᠯ᠎ᠠ ᠶᠢᠨ ᠺᠠᠳ᠋ᠷ ᠠᠵᠢᠯᠲᠠᠨ ᠠᠵᠢᠯᠴᠢᠨ ᠤ ᠵᠣᠬᠢᠶᠠᠨ ᠪᠠᠶᠢᠭᠤᠯᠤᠯᠲᠠ ᠶᠢᠨ ᠦᠵᠡᠯᠲᠡ᠂ ᠰᠠᠬᠢᠯᠭ᠎ᠠ ᠪᠠᠲᠤ ᠶᠢᠨ ᠦᠵᠡᠯᠲᠡ ᠵᠢᠴᠢ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠳᠣᠲᠣᠭᠠᠳᠤ ᠡᠵᠡᠮᠳᠡᠯ ᠤᠨ ᠠᠵᠢᠯ ᠢ ᠰᠠᠶᠢᠲᠤᠷ ᠬᠢᠬᠦ ᠭᠠᠳᠠᠭᠠᠳᠤ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃     ᠬᠤᠶᠠᠷ ᠲᠤ᠂ ᠦᠨᠡᠨᠴᠢ ᠢᠲᠡᠭᠡᠮᠵᠢ ᠳᠤᠲᠠᠭᠳᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠨ᠎ᠠ᠃ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ᠂ ᠵᠡᠷᠭᠡ ᠳᠡᠰ ᠤᠨ ᠲᠠᠮᠢᠷᠴᠢᠨ ᠤ ᠴᠣᠯᠠ᠂ ᠵᠡᠷᠭᠡ ᠳᠡᠰ ᠤᠨ ᠬᠢᠨᠠᠭᠴᠢ ᠶᠢᠨ ᠴᠣᠯᠠ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ᠶᠢᠨ ᠴᠣᠯᠠ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠡᠷᠭᠢᠯᠡᠬᠦ ᠵᠡᠷᠭᠡ ᠪᠡᠶ᠎ᠡ ᠶᠢᠨ ᠲᠠᠮᠢᠷ ᠤᠨ ᠬᠠᠮᠢᠶ᠎ᠠ ᠪᠥᠬᠦᠶ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠠᠵᠢᠯ ᠢ ᠴᠢᠩᠭ᠎ᠠ ᠴᠢᠩᠭᠠᠳᠬᠠᠵᠤ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠨ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠲᠣᠳᠣᠷᠬᠠᠶ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠱᠠᠲᠤ ᠱᠠᠲᠤ ᠪᠠᠷ ᠪᠣᠭᠤᠮᠲᠠ ᠠᠳᠬᠤᠨ᠎ᠠ᠃ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠭᠤᠷᠮᠠᠭ ᠪᠥᠮᠪᠦᠭᠡ ᠬᠠᠷ᠎ᠠ ᠬᠠᠷᠠᠭᠤᠯ᠂ ᠬᠥᠭᠡᠷᠦᠭᠦᠯᠬᠦ ᠡᠮ ᠬᠡᠷᠡᠭᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠭᠠᠷᠬᠤ ᠶᠢ ᠡᠷᠡᠰ ᠬᠤᠷᠢᠭᠯᠠᠨ᠎ᠠ᠃ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠲᠤᠤᠷ ᠴᠢᠭ ᠤᠨ ᠪᠣᠷᠣᠯᠠᠭᠤᠯᠤᠨ ᠬᠤᠳᠠᠯᠳᠤᠬᠤ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠬᠠᠷ᠎ᠠ ᠥᠩᠭᠡᠲᠦ ᠰᠤᠭᠤᠯᠤᠭ᠎ᠠ ᠳᠤ ᠴᠣᠬᠢᠯᠲᠠ ᠥᠭᠬᠦ ᠲᠤᠰᠬᠠᠶ ᠵᠦᠢᠯ ᠤᠨ ᠵᠠᠰᠠᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠦᠨᠡᠨᠴᠢ ᠢᠲᠡᠭᠡᠮᠵᠢ ᠶᠢᠨ ᠵᠠᠰᠠᠯᠲᠠ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠴᠢᠩᠭ᠎ᠠ ᠬᠡᠷᠡᠭᠵᠢᠭᠦᠯᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠴᠢᠩᠭ᠎ᠠ ᠡᠵᠡᠮᠳᠡᠬᠦ ᠥᠬᠡᠶ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠨ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠠᠷᠢᠭᠤᠴᠠᠯᠭ᠎ᠠ ᠶᠢ ᠲᠦᠢᠯᠪᠤᠷᠢᠲᠠᠶ ᠨᠡᠬᠡᠮᠵᠢᠯᠡᠵᠦ᠂ ᠶᠠᠭᠠᠬᠢᠭᠰᠠᠨ ᠴᠤ ᠢᠯᠳᠠᠷ ᠬᠠᠶᠠᠬᠤ ᠥᠬᠡᠶ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠭᠤᠷᠪᠠ ᠳᠤ᠂ ᠦᠨᠡᠨᠴᠢ ᠢᠲᠡᠭᠡᠮᠵᠢᠲᠡᠶ ᠪᠠᠷ ᠵᠠᠰᠠᠬᠤ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠬᠤ ᠬᠡᠷᠡᠭᠲᠡᠶ᠃ ᠬᠤᠷᠠᠯ ᠬᠤᠷᠠᠯᠳᠤᠭᠤᠯᠬᠤ᠂ ᠵᠣᠬᠢᠶᠠᠨ ᠪᠠᠶᠢᠭᠤᠯᠤᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠣᠶ ᠪᠣᠯᠭᠠᠵᠤ᠂ ᠺᠠᠳ᠋ᠷ ᠠᠵᠢᠯᠲᠠᠨ ᠠᠵᠢᠯᠴᠢᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢᠲᠡᠶ ᠲᠡᠷᠢᠭᠦᠨ ᠤ ᠦᠢᠯᠨ ᠠᠵᠢᠯᠯᠠᠭ᠎ᠠ ᠶᠢ ᠰᠤᠷᠤᠯᠴᠠᠭᠤᠯᠵᠤ᠂ ᠤᠬᠠᠮᠰᠠᠷ ᠠᠴᠠ ᠪᠠᠨ ᠲᠡᠷᠢᠭᠦᠨ ᠤ ᠨᠡᠶᠢᠲᠡᠯᠢᠭ ᠵᠢᠱᠢᠶ᠎ᠡ ᠲᠠᠢ ᠬᠠᠷᠢᠴᠠᠭᠤᠯᠵᠤ᠂ ᠦᠨᠡᠨᠴᠢ ᠢᠲᠡᠭᠡᠮᠵᠢᠲᠡᠶ ᠪᠠᠶᠢᠬᠤ ᠰᠣᠶᠣᠯ ᠢ ᠶᠡᠬᠡᠪᠡᠷ ᠪᠠᠳᠠᠷᠠᠭᠤᠯᠤᠨ᠂ ᠲᠦᠷᠢᠮ ᠲᠣᠭᠲᠠᠭᠠᠯ ᠤᠨ ᠬᠥᠮᠦᠵᠢᠯ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠥᠮᠦᠵᠢᠯ ᠢ ᠴᠥᠬᠦᠷᠡᠰᠢ ᠥᠬᠡᠶ ᠰᠠᠶᠢᠲᠤᠷ ᠠᠳᠬᠤᠬᠤ ᠬᠡᠷᠡᠭᠲᠡᠶ᠃ ᠡᠭᠦᠨ ᠤ ᠬᠠᠮᠲᠤ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠡᠯ᠎ᠡ ᠰᠢᠭᠤᠳ ᠬᠠᠷᠢᠶ᠎ᠠ ᠨᠢᠭᠡᠴᠢ ᠶᠢ ᠵᠣᠬᠢᠶᠠᠨ ᠪᠠᠶᠢᠭᠤᠯᠵᠤ ᠠᠯᠪᠠᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠲᠠᠯᠪᠢᠭᠤᠷ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠣᠯ ᠢ ᠭᠦᠢᠴᠡᠳ ᠠᠰᠢᠭᠯᠠᠨ᠂ ᠺᠠᠳ᠋ᠷ ᠠᠵᠢᠯᠲᠠᠨ ᠠᠵᠢᠯᠴᠢᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠷᠤᠯᠳᠤᠭᠠᠨ ᠡᠷᠭᠢᠯᠡᠬᠦ᠂ ᠪᠣᠯᠪᠠᠰᠤᠨ ᠲᠠᠯᠠᠪᠠᠶ ᠣᠷᠳᠣᠨ᠂ ᠪᠣᠯᠪᠠᠰᠤᠨ ᠦᠢᠯᠡᠴᠢᠯᠡᠭᠡ ᠵᠡᠷᠭᠡ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠳᠤ ᠲᠣᠭᠤᠰᠢᠯᠠᠭᠤᠯᠬᠤ ᠬᠡᠷᠡᠭᠲᠡᠶ᠃
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号