ᠬᠥᠯᠥᠨ ᠪᠤᠶᠢᠷ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠪᠡᠶ᠎ᠡ ᠶᠢᠨ ᠲᠠᠮᠢᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠣᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/4/13
    4 ᠳ᠋ᠣᠭᠡᠷ ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠪᠡᠶ᠎ᠡ ᠶᠢᠨ ᠲᠠᠮᠢᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ 2021 ᠣᠨ ᠤ ᠬᠥᠯᠥᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠣᠭᠴᠢ ᠶᠢᠨ ᠪᠣᠯᠪᠠᠰᠤᠷᠠᠯ ᠤᠨ ᠠᠩᠭᠢ ᠶᠢ ᠮᠠᠨᠵᠤᠤᠷ ᠬᠤᠲᠠ ᠳᠤ ᠡᠷᠭᠢᠯᠡᠵᠦ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠤ ᠵᠠᠭᠤ ᠰᠢᠬᠠᠮ ᠪᠠᠭᠰᠢ ᠪᠣᠯᠪᠠᠰᠤᠷᠠᠯ ᠳᠤ ᠣᠷᠣᠯᠴᠠᠪᠠ᠃     ᠲᠣᠰ ᠤᠳᠠᠭᠠᠨ ᠤ ᠪᠣᠯᠪᠠᠰᠤᠷᠠᠭᠤᠯᠤᠯ ᠨᠢ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠲᠦᠭᠡᠮᠡᠯᠵᠢᠭᠦᠯᠦᠯᠲᠡ ᠶᠢᠨ ᠬᠥᠭᠵᠢᠯᠲᠡ ᠶᠢ ᠠᠬᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠲᠠᠮᠢᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ᠂ ᠷᠠᠳᠢᠣ᠋ ᠴᠢᠭᠯᠡᠯ ᠬᠡᠮᠵᠢᠬᠦ ᠬᠥᠳᠡᠯᠭᠡᠭᠡᠨ᠂ ᠣᠯᠠᠨ ᠲᠡᠩᠭᠡᠯᠢᠭᠲᠦ ᠨᠢᠰᠦᠭᠦᠷ ᠤᠨ ᠡᠭᠦᠷᠭᠡ ᠶᠢᠨ ᠤᠷᠤᠯᠳᠤᠭᠠᠨ ᠵᠡᠷᠭᠡ ᠠᠭᠤᠯᠭ᠎ᠠ ᠶᠢ ᠪᠠᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠣᠭᠴᠢ ᠨᠠᠷ ᠲᠤ ᠨᠡᠪᠲᠡᠷᠡᠯᠴᠡᠨ ᠰᠣᠯᠢᠯᠴᠠᠬᠤ᠂ ᠲᠤᠷᠰᠢᠯᠭ᠎ᠠ ᠪᠠᠨ ᠬᠤᠪᠢᠶᠠᠯᠴᠠᠬᠤ ᠠᠵᠠ ᠲᠣᠬᠢᠶᠠᠯ ᠪᠠ ᠲᠠᠪᠴᠠᠩ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠳᠠᠬᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃    
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号