ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/4/14
    ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠵᠢᠭᠦᠯᠦᠨ᠂ ᠡᠭᠦᠷᠭᠡ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠤᠶᠢᠷ᠎ᠠ ᠳᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠤᠯᠠᠮ ᠨᠢᠭᠡ ᠠᠯᠬᠤᠮ ᠲᠥᠰᠦᠪᠯᠡᠨ ᠪᠠᠶᠢᠷᠢᠯᠠᠭᠤᠯᠪᠠ᠃     ᠬᠤᠷᠠᠯ ᠠᠴᠠ᠂ ᠮᠠᠨ ᠤ ᠤᠷᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠦᠷᠬᠦᠴᠡ ᠶᠢᠨ ᠬᠡᠪᠴᠢᠶ᠎ᠡ ᠥᠷᠭᠡᠨ᠂ ᠠᠵᠢᠯ ᠤᠨ ᠬᠠᠷᠢᠭᠤᠴᠠᠯᠭ᠎ᠠ ᠬᠦᠨᠳᠦ ᠪᠠᠶᠢᠳᠠᠬ᠃ ᠲᠡᠷᠡ ᠨᠢ ᠤᠯᠠᠨ ᠲᠦᠮᠡᠨ ᠤ ᠪᠡᠶ᠎ᠡ ᠶᠢᠨ ᠲᠠᠮᠢᠷ ᠪᠣᠯᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠦᠷᠭᠡ ᠬᠤᠯᠪᠣᠭᠠᠰᠤ ᠮᠥᠨ᠃ ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠡᠳᠦᠷ ᠲᠤᠲᠤᠮ ᠤᠨ ᠠᠵᠢᠯ ᠳᠠᠭᠠᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠲᠡᠷᠢᠭᠦᠨ ᠤ ᠲᠤᠷᠰᠢᠯᠭ᠎ᠠ ᠪᠣᠯᠤᠨ ᠬᠢᠬᠦ ᠠᠷᠭ᠎ᠠ ᠶᠢ ᠲᠠᠰᠤᠷᠠᠯᠲᠠ ᠤᠢᠭᠡᠢ ᠰᠢᠩᠭᠡᠭᠡᠨ ᠠᠪᠴᠤ᠂ ᠲᠤᠬᠠᠶᠢᠯᠠᠭᠰᠠᠨ ᠠᠵᠢᠯ ᠢ ᠰᠤᠷᠤᠯᠴᠠᠨ ᠣᠶᠢᠯᠠᠭᠠᠬᠤ᠂ ᠠᠵᠢᠯ ᠢ ᠨᠡᠪᠲᠡᠷᠬᠡᠶ ᠡᠵᠡᠮᠰᠢᠬᠦ ᠲᠠᠯ᠎ᠠ ᠪᠠᠷ ᠲᠠᠰᠤᠷᠠᠯᠲᠠ ᠤᠢᠭᠡᠢ ᠴᠢᠩᠭᠠᠳᠬᠠᠵᠥ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠬᠤ ᠪᠠ ᠪᠦᠬᠦ ᠲᠠᠯ᠎ᠠ ᠪᠠᠷ ᠬᠥᠭᠵᠢᠬᠦ ᠶᠠᠪᠤᠴᠠ ᠳᠠᠬᠢ ᠪᠡᠶ᠎ᠡ ᠶᠢᠨ ᠲᠠᠮᠢᠷ ᠤᠨ ᠣᠷᠣᠯᠠᠭᠤᠯᠵᠤ ᠪᠣᠯᠤᠰᠢ ᠦᠭᠡᠢ ᠦᠢᠯᠡᠳᠦᠯ ᠢ ᠭᠦᠨᠵᠡᠭᠡᠢ ᠲᠠᠨᠢᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠤᠯᠠᠨ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠪᠡᠶ᠎ᠡ ᠶᠢᠨ ᠲᠠᠮᠢᠷ ᠤᠨ ᠬᠥᠮᠦᠨ ᠢ ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠶᠢ ᠨᠠᠮ ᠪᠠ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠤᠯᠤᠰ ᠲᠥᠷᠥ ᠶᠢᠨ ᠦᠨᠳᠦᠷᠴᠡ ᠳᠤ ᠬᠦᠷᠭᠡᠬᠦ ᠭᠡᠷᠡᠭᠳᠠᠢ ᠬᠡᠵᠥ ᠵᠢᠭᠠᠵᠥ ᠭᠠᠷᠭᠠᠵᠠᠢ᠃    
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号