ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠬᠦ ᠪᠠ | ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠬᠦ ᠶᠢᠨ ᠲᠣᠭᠤᠷᠢᠨ ᠳᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠠᠬᠢᠭᠤᠯᠬᠤ ᠪᠠ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠭᠠᠶᠢᠯᠢ ᠶᠢ ᠬᠥᠩᠭᠡᠯᠡᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ ᠰᠢᠯᠢᠳᠡᠭᠵᠢᠭᠦᠯᠬᠦ ᠶᠢ ᠪᠠᠶᠢᠷᠢᠯᠠᠭᠤᠯᠪᠠ | | | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠰᠠᠷ᠎ᠠ ᠶᠢᠨ 31 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠬᠦ ᠪᠠ ᠬᠥᠭᠵᠢᠯᠲᠡ ᠶᠢᠨ ᠨᠥᠭᠡᠴᠡ ᠬᠦᠴᠦᠨ ᠢ | ᠨᠡᠮᠡᠭᠳᠡᠭᠦᠯᠬᠦ ᠶᠢᠨ ᠲᠣᠭᠤᠷᠢᠨ ᠳᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ︔ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠠᠬᠢᠭᠤᠯᠬᠤ ᠪᠠ ᠵᠢᠵᠢᠭ | ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠭᠠᠶᠢᠯᠢ ᠶᠢ ᠬᠥᠩᠭᠡᠯᠡᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠬᠦ ᠶᠢ ᠪᠠᠶᠢᠷᠢᠯᠠᠭᠤᠯᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ᠂ ᠡᠷᠬᠡᠪᠰᠢ ᠣᠳᠣᠬᠠᠨ ᠤ | ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠨᠢᠭᠲᠠᠯᠠᠵᠤ᠂ ᠲᠠᠷᠢᠬᠢ ᠲᠣᠯᠣᠭᠠᠢ ᠪᠠᠨ ᠰᠡᠷᠭᠡᠭ | ᠪᠠᠶᠢᠯᠭᠠᠵᠤ᠂ ︽ᠪᠠᠲᠤᠯᠠᠬᠤ︾ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ︽ᠲᠣᠭᠲᠠᠭᠤᠨ︾ ᠤ | ᠰᠠᠭᠤᠷᠢ ᠶᠢ ᠪᠠᠬᠢᠵᠢᠭᠦᠯᠵᠦ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠵᠦ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠬᠦ᠂ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠨ ᠠᠷᠠᠳ ᠤᠨ ᠠᠮᠢᠳᠤᠷᠠᠯ ᠢ ᠪᠠᠲᠤᠯᠠᠬᠤ ᠶᠢ ᠠᠬᠢᠭᠤᠯᠬᠤ | ᠲᠣᠭᠤᠷᠢᠨ ᠳᠤ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠢ ᠠᠷᠭ᠎ᠠ | ᠬᠡᠮᠵᠢᠶ᠎ᠡ ᠶᠢ ᠲᠣᠭᠲᠠᠭᠠᠪᠠ᠃ ᠨᠢᠭᠡ ᠳᠤ᠂ ᠠᠵᠢᠯ ᠣᠯᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ | ᠵᠥᠪᠰᠢᠶᠡᠷᠡᠨ ᠣᠷᠣᠭᠤᠯᠬᠤ ᠲᠦᠷᠦᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠤᠭ᠎ᠠ ᠬᠡᠮᠵᠢᠶ᠎ᠡ ᠶᠢ ᠪᠠᠭᠠᠰᠬᠠᠨ᠂ | ᠨᠡᠶᠢᠭᠡᠮᠴᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ | ᠠᠬᠢᠭᠤᠯᠬᠤ ᠬᠡᠷᠡᠭᠲᠡᠢ᠃ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠲᠡᠢ᠃ | ᠠᠮᠢᠳᠤᠯᠢᠭ ᠢᠶᠠᠷ ᠠᠵᠢᠯ ᠣᠯᠭᠤᠬᠤ ᠪᠠ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ ᠠᠬᠢᠭᠤᠯᠵᠤ᠂ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠮᠢᠳᠤᠯᠢᠭ ᠢᠶᠠᠷ ᠠᠵᠢᠯ | ᠣᠯᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠬᠤᠶᠠᠷ ᠲᠤ᠂ ᠠᠵᠤ ᠠᠬᠤᠶᠢᠯᠠᠯ ᠳᠤ | ᠬᠤᠯᠪᠣᠭᠳᠠᠬᠤ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ | ᠪᠠᠭᠠᠰᠬᠠᠬᠤ᠂ ᠵᠠᠷᠤᠳᠠᠯ ᠢ ᠪᠠᠭᠠᠰᠬᠠᠬᠤ ᠶᠢ ᠠᠬᠢᠭᠤᠯᠬᠤ ᠬᠡᠷᠡᠭᠲᠡᠢ᠃ ᠲᠠᠸᠠᠷ ᠤᠨ ᠲᠡᠮᠳᠡᠭ ᠤᠨ ᠲᠤᠰᠬᠠᠶ ᠠᠰᠢᠭ | ᠳᠠᠩᠰᠠᠯᠠᠭᠤᠯᠬᠤ ᠭᠤᠶᠤᠴᠢᠯᠠᠯ ᠤᠨ ᠪᠥᠬᠦ ᠶᠠᠪᠤᠴᠠ ᠶᠢ ᠡᠯᠧᠺᠳ᠋ᠷᠤᠨᠴᠢᠯᠡᠬᠦ ᠶᠢ ᠲᠥᠷᠭᠡᠳᠬᠡᠬᠦ ᠬᠡᠷᠡᠭᠲᠡᠢ᠃ ᠬᠠᠤᠯᠢ ᠶᠢ ᠰᠠᠬᠢᠵᠤ | ᠲᠣᠭᠲᠠᠭᠠᠯ ᠳᠤ ᠨᠡᠶᠢᠴᠡᠭᠰᠡᠨ ᠠᠵᠤ ᠠᠬᠤᠶᠢᠯᠠᠯ ᠪᠠ ᠲᠦᠭᠰᠢᠭᠦᠷᠢ ᠳᠣᠣᠷ᠎ᠠ ᠲᠠᠸᠠᠷ ᠤᠨ ᠪᠣᠭᠤᠮᠲᠠ ᠪᠠᠷ ᠥᠩᠭᠡᠷᠡᠬᠦ ᠶᠢ | ᠪᠠᠶᠢᠴᠠᠭᠠᠨ ᠰᠢᠯᠭᠠᠬᠤ ᠨᠤᠷᠮ᠎ᠠ ᠶᠢ ᠪᠠᠭᠤᠷᠠᠭᠤᠯᠬᠤ ᠬᠡᠷᠡᠭᠲᠡᠢ᠃ ᠭᠠᠷᠠᠮ ᠤᠨ ᠬᠤᠷᠢᠶᠠᠬᠤ ᠰᠦᠢᠳᠬᠡᠯ ᠢ ᠬᠠᠰᠤᠬᠤ ᠪᠠ | ᠨᠡᠶᠢᠯᠡᠭᠦᠯᠬᠦ ᠬᠡᠷᠡᠭᠲᠡᠢ᠃ ᠭᠤᠷᠪᠠ ᠳᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠳᠡᠮᠵᠢᠬᠦ ᠬᠡᠷᠡᠭᠲᠡᠢ᠃ ᠲᠣᠭᠲᠠᠭᠠᠯ ᠢ | ᠵᠥᠷᠢᠴᠡᠨ ᠲᠣᠬᠢᠷᠠᠭᠤᠯᠤᠭᠰᠠᠨ ᠭᠠᠷ ᠳᠠᠮᠵᠢᠭᠰᠠᠨ ᠮᠠᠰᠢᠨ ᠲᠡᠷᠭᠡᠨ ᠤ ᠨᠡᠭᠦᠵᠦ ᠣᠷᠣᠬᠤ ᠬᠢᠵᠠᠭᠠᠷᠯᠠᠯ ᠢ ᠦᠭᠡᠶᠢᠰᠬᠡᠵᠦ᠂ | ᠵᠢᠭᠤᠯᠴᠢᠯᠠᠯ ᠤᠨ ᠣᠷᠣᠨ ᠤ ᠠᠷᠠᠳ ᠤᠨ ᠣᠷᠣᠨ ᠰᠠᠭᠤᠴᠠ ᠵᠡᠷᠭᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠵᠣᠬᠢᠰᠲᠠᠶ ᠠᠭᠤᠵᠢᠭᠤ ᠲᠠᠯᠪᠢᠬᠤ ᠬᠡᠷᠡᠭᠲᠡᠢ᠃ ᠲᠦᠷᠪᠡ ᠳᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠬᠠᠩᠭᠠᠯᠭ᠎ᠠ ᠶᠢ | ᠰᠢᠯᠢᠳᠡᠭᠵᠢᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠳᠤ ᠬᠤᠯᠪᠣᠭᠳᠠᠬᠤ ᠨᠡᠩ ᠤᠯᠠᠨ ᠦᠢᠯᠡᠴᠢᠯᠡᠭᠡᠨ ᠤ ᠵᠦᠢᠯᠡᠰ | ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠠᠬᠢᠭᠤᠯᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠬᠦᠴᠦᠨ ᠢ ᠲᠠᠲᠠᠵᠤ ᠴᠢᠳᠠᠪᠤᠷᠢ ᠶᠢ ᠨᠢ ᠥᠷᠭᠡᠳᠬᠡᠵᠦ᠂ | ᠡᠵᠡᠩᠨᠡᠯᠲᠡ ᠪᠠ ᠦᠢᠯᠡᠴᠢᠯᠡᠭᠡᠨ ᠤ ᠶᠠᠰᠤ ᠴᠢᠨᠠᠷ ᠢ ᠨᠢ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ᠂ ᠲᠥᠪ ᠭᠤᠣᠯᠴᠢ ᠪᠠᠷ | ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠲᠥᠪ ᠭᠤᠤᠯᠴᠢ ᠪᠠᠷ ᠬᠢᠨᠠᠨ ᠬᠠᠮᠢᠶᠠᠷᠬᠤ ᠶᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢᠨ | ᠴᠢᠬᠤᠯᠠ ᠪᠥᠬᠦᠶ ᠪᠠᠲᠤᠯᠠᠭ᠎ᠠ ᠪᠣᠯᠭᠠᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠬᠤ ᠲᠦᠷᠢᠮ ᠪᠠ ᠪᠠᠷᠢᠮᠵᠢᠶ᠎ᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ | ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠪᠠᠶᠢᠭᠤᠯᠤᠨ᠂ ᠤᠴᠢᠷ ᠶᠠᠪᠤᠳᠠᠯ ᠤᠨ ᠳᠤᠮᠳᠠ ᠪᠠ | ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠠ ᠴᠢᠩᠭᠠᠳᠬᠠᠵᠤ᠂ ᠣᠯᠠᠨ ᠲᠦᠮᠡᠨ ᠤ | ᠠᠮᠢ ᠨᠠᠰᠤ ᠡᠷᠡᠭᠦᠯ ᠮᠡᠨᠳᠦ ᠪᠠ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠵᠦᠢᠯ ᠢ ᠴᠢᠩᠭ᠎ᠠ ᠬᠢᠨᠠᠨ | ᠬᠠᠮᠢᠶᠠᠷᠬᠤ ᠬᠡᠷᠡᠭᠲᠡᠶ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠠᠮᠢᠵᠢᠷᠠᠯ ᠤᠨ ᠬᠦᠴᠦᠨ ᠢ | ᠴᠢᠯᠦᠭᠡᠯᠡᠵᠦ᠂ ᠭᠤᠣᠯᠴᠢ ᠪᠠᠷ ᠬᠠᠮᠢᠶᠠᠷᠴᠤ᠂ ᠦᠷ᠎ᠡ ᠪᠦᠲᠦᠮᠵᠢ ᠲᠠᠢ ᠦᠢᠯᠡᠴᠢᠯᠡᠬᠦ ᠬᠡᠷᠡᠭᠲᠡᠢ᠃ | ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠵᠠᠷᠢᠮ ᠱᠠᠲᠤ ᠦᠶ᠎ᠡ ᠶᠢᠨ ᠴᠢᠨᠠᠷᠲᠠᠶ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠬᠦ ᠶᠢᠨ ᠵᠡᠷᠭᠡ ᠳᠤ ︽ᠪᠠᠴᠢᠮ ᠡᠷᠭᠢᠯᠲᠡ︾ ᠭᠠᠷᠭᠠᠬᠤ ᠦᠭᠡᠶ᠂ ᠲᠤᠯᠭᠠᠨ ᠬᠠᠷᠢᠴᠠᠭᠤᠯᠬᠤ ᠠᠷᠭ᠎ᠠ | ᠬᠡᠮᠵᠢᠶ᠎ᠡ ᠠᠪᠴᠤ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠦ ᠲᠠᠮᠢᠷ ᠢ ᠨᠢ ᠰᠡᠷᠭᠦᠭᠡᠵᠦ᠂ | ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃ ᠬᠤᠷᠠᠯ ᠠᠴᠠ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠤᠨ ᠲᠡᠷᠢᠭᠦᠨ ᠤ ᠦᠢᠯᠡᠳᠬᠦ ᠦᠢᠯᠡᠰ ᠤᠨ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠳᠡᠮᠵᠢᠬᠦ ᠪᠠᠷ ᠲᠣᠭᠲᠠᠭᠠᠵᠠᠶ᠃ | ᠨᠢᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠡᠷᠴᠢᠮ ᠢ | ᠴᠢᠩᠭᠠᠷᠠᠭᠤᠯᠬᠤ ᠶᠢᠨ ᠬᠠᠮᠲᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ | ᠡᠴᠦᠰ ᠪᠣᠯᠲᠠᠯ᠎ᠠ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠵᠢᠯ ᠤᠨ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠬᠥᠷᠬᠦ ᠥᠬᠡᠶ | ᠬᠡᠰᠡᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ | ᠠᠰᠢᠭ ᠣᠷᠣᠯᠭ᠎ᠠ ᠶᠢᠨ ᠭᠠᠶᠢᠯᠢ ᠶᠢ ᠳᠠᠬᠢᠨ ᠬᠠᠭᠠᠰ ᠢᠶᠠᠷ ᠬᠠᠰᠤᠵᠤ᠂ ᠪᠣᠳᠠᠲᠠᠶ ᠭᠠᠶᠢᠯᠢ ᠶᠢᠨ ᠳᠠᠷᠤᠭᠠᠰᠤ ᠶᠢ ᠤᠯᠠᠮ ᠨᠢᠭᠡ | ᠠᠯᠬᠤᠮ ᠪᠠᠭᠤᠷᠠᠭᠤᠯᠬᠤ ᠬᠡᠷᠡᠭᠲᠡᠢ᠃ ᠬᠤᠶᠠᠷ ᠲᠤ᠂ ᠡᠨᠡ ᠵᠢᠯ ᠤᠨ 4 ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ | ᠡᠴᠦᠰ ᠪᠣᠯᠲᠠᠯ᠎ᠠ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠪᠠᠭ᠎ᠠ | ᠬᠡᠪᠴᠢᠶᠡᠨ ᠤ ᠭᠠᠶᠢᠯᠢ ᠲᠤᠰᠢᠶᠠᠭᠴᠢᠳ ᠤᠨ ᠥᠷᠲᠡᠭ ᠤᠨ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ | ᠣᠲᠣ ᠶᠢᠨ ᠬᠡᠷᠡᠭᠵᠢᠭᠦᠯᠵᠦ ᠪᠠᠶᠢᠭ᠎ᠠ ᠰᠠᠷ᠎ᠠ ᠶᠢᠨ ᠪᠣᠷᠣᠯᠠᠭᠤᠯᠭ᠎ᠠ 10 ᠲᠦᠮᠡᠨ ᠲᠥᠭᠦᠷᠢᠭ ᠠᠴᠠ 15 ᠲᠦᠮᠡᠨ ᠲᠥᠭᠦᠷᠢᠭ | ᠪᠣᠯᠭᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠡᠨᠡ ᠵᠢᠯ ᠤᠨ 4 ᠰᠠᠷ᠎ᠠ ᠶᠢᠨ 1 ᠤ ᠡᠳᠦᠷ ᠠᠴᠠ ᠡᠬᠢᠯᠡᠨ᠂ | ᠲᠡᠭᠡᠭᠡᠪᠦᠷᠢ ᠶᠢᠨ ᠲᠥᠬᠦᠭᠡᠷᠦᠮᠵᠢ᠂ ᠴᠠᠬᠢᠯᠭᠠᠨ ᠤ ᠮᠧᠬᠠᠨᠢᠭ ᠲᠥᠬᠦᠭᠡᠷᠦᠮᠵᠢ᠂ ᠬᠡᠮᠵᠢᠭᠦᠷ ᠪᠠᠭᠠᠵᠢ᠂ ᠡᠮ ᠡᠮᠨᠡᠯᠭᠡ᠂ | ᠬᠢᠮᠢ ᠶᠢᠨ ᠰᠢᠷᠬᠡᠭᠯᠢᠭ ᠵᠡᠷᠭᠡ ᠦᠢᠯᠡᠳᠬᠦ ᠦᠢᠯᠡᠰ ᠤᠨ ᠠᠵᠤ ᠠᠬᠤᠶᠢᠯᠠᠯ ᠢ ᠲᠡᠷᠢᠭᠦᠨ ᠤ ᠦᠢᠯᠡᠳᠬᠦ ᠦᠢᠯᠡᠰ ᠤᠨ ᠠᠵᠤ | ᠠᠬᠤᠶᠢᠯᠠᠯ ᠤᠨ ᠥᠷᠲᠡᠭ ᠤᠨ ᠨᠡᠮᠡᠭᠳᠡᠯ ᠤᠨ ᠭᠠᠶᠢᠯᠢ ᠶᠢᠨ ᠦᠯᠡᠳᠡᠭᠡᠯ ᠢ ᠪᠤᠴᠠᠭᠠᠬᠤ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠤ ᠣᠷᠣᠭᠤᠯᠵᠤ᠂ ᠰᠠᠷ᠎ᠠ ᠪᠠᠷ ᠨᠢᠭᠡᠴᠢ ᠪᠣᠯᠭᠠᠨ ᠨᠡᠮᠡᠭᠳᠡᠯ ᠤᠨ ᠬᠡᠮᠵᠢᠶ᠎ᠡ ᠶᠢᠨ ᠦᠯᠡᠳᠡᠭᠡᠯ ᠭᠠᠶᠢᠯᠢ ᠶᠢ ᠪᠦᠬᠦᠨ ᠢ | ᠪᠤᠴᠠᠭᠠᠬᠤ ᠶᠢ ᠬᠡᠷᠡᠭᠵᠢᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠲᠦᠷᠦ ᠶᠢᠨ ᠪᠤᠳᠤᠯᠭ᠎ᠠ ᠶᠢᠨ ᠳᠡᠭᠡᠷ᠎ᠡ ᠨᠢᠭᠡᠨᠲᠡ | ᠨᠡᠶᠢᠲᠡᠯᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠨᠡᠮᠡᠪᠡᠯ᠂ ᠵᠢᠱᠢᠯᠲᠡ ᠪᠠᠷ ᠪᠦᠬᠦ ᠵᠢᠯ ᠳᠤ | ᠰᠢᠨ᠎ᠡ ᠪᠠᠷ 5500 ᠭᠠᠷᠤᠢ ᠳ᠋ᠦᠩᠰᠢᠭᠤᠷ ᠲᠥᠭᠦᠷᠢᠭ ᠭᠠᠶᠢᠯᠢ ᠬᠥᠩᠭᠡᠯᠡᠬᠦ ᠪᠣᠯᠤᠨ᠎ᠠ᠃ ᠬᠤᠷᠠᠯ ᠠᠴᠠ | ᠴᠢᠬᠤᠯᠠᠴᠢᠯᠠᠬᠤ ᠳᠤ ᠪᠠᠨ᠂ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠵᠡᠷᠭᠡ ᠳᠤ | ᠭᠠᠶᠢᠯᠢ ᠶᠢᠨ ᠪᠤᠰᠤ ᠣᠷᠣᠯᠭ᠎ᠠ ᠶᠢ ᠡᠮᠬᠢ ᠵᠢᠷᠤᠮ ᠲᠠᠢ ᠪᠥᠭᠡᠳ ᠵᠦᠢ ᠵᠣᠬᠢᠰᠲᠠᠶ ᠪᠠᠷ ᠬᠠᠰᠤᠬᠤ ᠬᠡᠷᠡᠭᠲᠡᠢ᠂ ᠡᠯᠳᠡᠪ | ᠵᠦᠢᠯ ᠤᠨ ᠨᠡᠷ᠎ᠡ ᠪᠠᠷ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠵᠦ | ᠣᠭᠲᠣ ᠪᠣᠯᠬᠤ ᠦᠭᠡᠢ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠲᠥᠪ ᠭᠤᠣᠯᠴᠢ ᠪᠠ ᠲᠦᠭᠡᠮᠡᠯ ᠬᠠᠷᠠᠭᠠᠯᠵᠠᠯᠲᠤ | ᠲᠦᠷᠦ ᠶᠢᠨ ᠪᠤᠳᠤᠯᠭ᠎ᠠ ᠪᠣᠯᠤᠨ ᠥᠭᠡᠷᠡᠴᠢᠯᠡᠯᠲᠡ ᠶᠢᠨ ᠠᠷᠭ᠎ᠠ ᠶᠢ ᠢᠯᠡᠭᠦᠬᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠨᠡᠩ ᠶᠡᠭᠡ ᠠᠰᠢᠭ ᠬᠦᠷᠲᠡᠭᠡᠵᠦ᠂ ᠢᠳᠡᠪᠬᠢᠵᠢᠯ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠡᠭᠦᠨ ᠤ ᠵᠡᠷᠭᠡ ᠪᠠᠷ ᠣᠷᠣᠨ ᠨᠤᠲᠤᠭ ᠤᠨ ᠬᠢᠨ ᠢ ᠳᠠᠭᠠᠭᠤᠯᠤᠨ ᠵᠢᠯᠣᠭᠤᠳᠴᠤ ᠪᠠᠶᠢᠭᠠᠳ ᠡᠳ᠋ ᠤᠨ ᠵᠠᠰᠠᠭ ᠤᠨ | ᠣᠷᠣᠯᠭ᠎ᠠ ᠶᠢᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠢ ᠠᠰᠢᠭᠯᠠᠨ ᠵᠠᠰᠠᠭ ᠤᠨ ᠣᠷᠳᠣᠨ ᠤ ᠬᠦᠰᠢᠬᠦᠷᠭᠡ ᠶᠢᠨ ᠨᠤᠷᠮ᠎ᠠ ᠶᠢ | ᠵᠣᠬᠢᠰᠲᠠᠶ ᠪᠠᠷ ᠪᠠᠭᠤᠷᠠᠭᠤᠯᠵᠤ᠂ ᠰᠣᠬᠤᠷ ᠪᠠᠯᠠᠶ ᠪᠠᠷ ᠰᠢᠨ᠎ᠡ ᠵᠦᠢᠯ ᠢ ᠭᠠᠷᠭᠠᠬᠤ ᠶᠢ ᠰᠡᠷᠭᠡᠶᠢᠯᠡᠵᠦ᠂ ᠡᠳ᠋ ᠤᠨ ᠵᠠᠰᠠᠭ ᠤᠨ | ᠦᠷᠭᠦᠯᠵᠢᠯᠡᠬᠦ᠋ᠢᠴᠡ ᠴᠢᠨᠠᠷ ᠢ ᠨᠡᠮᠡᠭᠳᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |