ᠮᠠᠨ ᠤ ᠤᠷᠤᠨ ᠡᠮᠡᠭᠲᠡᠶ ᠤᠶᠤᠲᠠᠳ ᠤᠨ ᠠᠵᠢᠯ ᠣᠯᠵᠤ ᠦᠢᠯᠡᠰ ᠪᠤᠰᠬᠠᠬᠤ ᠶᠢ ᠲᠡᠳᠬᠦᠬᠦ ᠲᠥᠷᠥᠯ ᠵᠦᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2021/4/21
    4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠮᠳᠣᠷᠠᠨ ᠥᠪᠥᠷ ᠮᠣᠩᠭᠤᠯ ᠤᠨ ᠡᠮᠡᠭᠲᠡᠶ ᠤᠶᠤᠲᠠᠳ ᠤᠨ ᠠᠵᠢᠯ ᠣᠯᠵᠤ ᠦᠢᠯᠡᠰ ᠪᠤᠰᠬᠠᠬᠤ ᠶᠢ ᠲᠡᠳᠬᠦᠬᠦ ᠲᠥᠷᠥᠯ ᠵᠦᠢᠯ ᠢ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠳᠤ ᠡᠬᠢᠯᠡᠬᠦᠯᠪᠡ᠃     ᠥᠪᠥᠷ ᠮᠣᠩᠭᠤᠯ ᠤᠨ ᠡᠮᠡᠭᠲᠡᠶ ᠤᠶᠤᠲᠠᠳ ᠤᠨ ᠠᠵᠢᠯ ᠣᠯᠵᠤ ᠦᠢᠯᠡᠰ ᠪᠤᠰᠬᠠᠬᠤ ᠶᠢ ᠲᠡᠳᠬᠦᠬᠦ ᠲᠥᠷᠥᠯ ᠵᠦᠢᠯ ᠨᠢ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠳᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠪᠠᠷ ᠭᠤᠤᠯᠳᠠᠯᠭ᠎ᠠ ᠪᠣᠯᠭᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠰᠢᠨ᠎ᠡ ᠶᠢ ᠡᠭᠦᠳᠴᠦ ᠦᠢᠯᠡᠰ ᠪᠤᠰᠬᠠᠬᠤ ᠪᠣᠯᠪᠠᠰᠤᠷᠠᠯ᠂ ᠡᠮᠡᠭᠲᠡᠶ ᠤᠶᠤᠲᠠᠳ ᠲᠤ ᠠᠵᠢᠯ ᠤᠯᠭᠤᠬᠤ ᠠᠵᠢᠯᠳᠠᠨ ᠤᠷᠢᠵᠤ ᠡᠯᠰᠡᠬᠦ ᠴᠤᠭᠯᠠᠭᠠᠨ᠂ ᠡᠮᠡᠭᠲᠡᠶ ᠤᠶᠤᠲᠠᠳ ᠤᠨ ᠦᠢᠯᠡᠰ ᠪᠤᠰᠬᠠᠬᠰᠠᠨ ᠨᠡᠶᠢᠲᠡᠯᠢᠭ ᠵᠢᠱᠢᠶ᠎ᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠂ ᠡᠮᠡᠭᠲᠡᠶ ᠤᠶᠤᠲᠠᠳ ᠤᠨ ᠦᠢᠯᠡᠰ ᠪᠤᠰᠬᠠᠬᠰᠠᠨ ᠨᠡᠶᠢᠲᠡᠯᠢᠭ ᠵᠢᠱᠢᠶ᠎ᠡ ᠶᠢ ᠲᠡᠳᠬᠦᠬᠦ ᠠᠵᠢᠯᠯᠠᠭ᠎ᠠ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠪᠠᠭᠲᠠᠭᠠᠵᠠᠢ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ 30 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠤᠯᠴᠠᠨ ᠦᠢᠯᠡᠳᠦᠯᠭᠡᠵᠢᠭᠦᠯᠬᠦ᠂ ᠠᠵᠢᠯ ᠣᠯᠵᠤ ᠦᠢᠯᠡᠰ ᠪᠤᠰᠬᠠᠬᠤ ᠦᠢᠯᠡᠴᠢᠯᠡᠭᠡᠨ ᠤ ᠲᠠᠪᠴᠠᠩ ᠴᠣᠭᠴᠠᠯᠠᠵᠣ᠂ ᠪᠥᠬᠦ ᠣᠷᠣᠨ ᠤ ᠡᠮᠡᠭᠲᠡᠢ ᠤᠶᠤᠲᠠᠳ ᠲᠤ ᠪᠥᠬᠦ ᠲᠠᠯ᠎ᠠ ᠶᠢᠨ᠂ ᠥᠪᠡᠷᠮᠢᠴᠡ ᠤᠨᠴᠠᠯᠢᠭ ᠲᠠᠢ᠂ ᠣᠨᠣᠴᠠᠲᠠᠢ ᠤᠯᠠᠨ ᠨᠡᠶᠢᠲᠡ ᠶᠢᠨ ᠴᠢᠳᠠᠪᠤᠷᠢᠲᠠᠨ ᠤ ᠦᠢᠯᠡᠴᠢᠯᠡᠭᠡ ᠬᠠᠩᠭᠠᠬᠤ ᠪᠣᠯᠤᠨ᠎ᠠ᠃     ᠠᠵᠢᠯᠯᠠᠭ᠎ᠠ ᠶᠢᠨ ᠲᠣᠬᠠᠢ ᠶᠢᠨ ᠡᠳᠦᠷ 105 ᠠᠵᠤ ᠠᠬᠤᠶᠢᠯᠠᠯ 3000 ᠭᠠᠷᠤᠶ ᠠᠵᠢᠯ ᠤᠨ ᠪᠠᠶᠢᠷᠢ ᠬᠠᠨᠭ᠍ᠭᠠᠪᠠ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠢᠮᠠᠬᠳᠠ ᠤᠶᠤᠲᠠᠳ ᠤᠨ ᠠᠵᠢᠯ ᠤᠯᠵᠤ ᠦᠢᠯᠡᠰ ᠪᠤᠰᠬᠠᠬᠤ ᠶᠢ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠦᠢᠯᠡᠰ ᠪᠤᠰᠬᠠᠬᠤ ᠬᠤᠲᠠ ᠵᠡᠷᠭᠡ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠠᠵᠢᠯᠴᠢᠨ ᠤᠷᠢᠵᠤ ᠡᠯᠰᠡᠬᠦ ᠴᠤᠭᠯᠠᠭᠠᠨ ᠢ ᠣᠯᠠᠨ ᠤᠳᠠᠭ᠎ᠠ ᠵᠣᠬᠢᠶᠠᠨ ᠪᠠᠶᠢᠭᠤᠯᠵᠤ᠂ ᠡᠮᠡᠭᠲᠡᠶ ᠠᠵᠤ ᠠᠬᠤᠶᠢᠯᠠᠯᠲᠠᠨ᠂ ᠡᠮᠡᠭᠲᠡᠶ ᠤᠶᠤᠲᠠᠳ ᠤᠨ ᠦᠢᠯᠡᠰ ᠪᠤᠰᠬᠠᠬᠤ ᠶᠢ ᠵᠢᠯᠣᠭᠤᠳᠬᠤ ᠯᠧᠺᠲ᠋ᠣᠷ ᠤᠨ ᠪᠦᠯᠬᠦᠮ ᠤᠨ ᠶᠡᠭᠡ ᠳᠡᠭᠡᠳᠦ ᠰᠤᠷᠭᠠᠭᠤᠯᠢ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠂ ᠡᠮᠡᠭᠲᠡᠶ ᠤᠶᠤᠲᠠᠳ ᠤᠨ ᠬᠤᠪᠴᠠᠰᠤ ᠵᠠᠰᠠᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠵᠡᠷᠭᠡ ᠠᠵᠢᠯᠯᠠᠭ᠎ᠠ ᠥᠷᠨᠢᠭᠦᠯᠵᠦ᠂ ᠡᠮᠡᠭᠲᠡᠶ ᠤᠶᠤᠲᠠᠳ ᠤᠨ ᠠᠵᠢᠯ ᠣᠯᠵᠤ ᠦᠢᠯᠡᠰ ᠪᠤᠰᠬᠠᠬᠤ ᠶᠢ ᠬᠥᠲᠥᠯᠥᠨ ᠳᠠᠶᠢᠴᠢᠯᠠᠵᠤ᠂ ᠪᠥᠬᠦ ᠣᠷᠣᠨ ᠤ ᠤᠶᠤᠲᠠᠳ ᠤᠨ ᠠᠵᠢᠯ ᠤᠯᠵᠤ ᠦᠢᠯᠡᠰ ᠪᠤᠰᠬᠠᠬᠤ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号