ᠳᠡᠯᠡᠭᠡᠢ ᠶᠢᠨ ᠨᠤᠮ ᠤᠩᠰᠢᠬᠤ ᠡᠳᠦᠷᠯᠢᠭ ᠤᠨ ᠰᠢᠷᠢᠰ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2021/4/25
    4 ᠰᠠᠷ᠎ᠠ ᠶᠢᠨ 23 ᠤ ᠡᠳᠤᠷ᠂ ᠬᠤᠷᠢᠨ ᠵᠢᠷᠭᠤᠳᠡᠬᠢ ᠳᠡᠯᠡᠬᠡᠶ ᠶᠢᠨ ᠨᠣᠮ ᠤᠩᠰᠢᠬᠤ ᠡᠳᠦᠷᠯᠢᠭ ᠲᠤ ᠦᠪᠦᠷ ᠮᠤᠩᠭᠤᠯ ᠤᠨ ᠨᠤᠮ ᠤᠨ ᠰᠠᠩ᠂ ᠬᠥᠬᠡᠬᠤᠲᠠ ᠶᠢᠨ ᠨᠣᠮ ᠤᠨ ᠰᠠᠩ᠂ ᠰᠢᠨᠬᠤᠧᠠ ᠨᠤᠮ ᠤᠨ ᠳᠡᠯᠭᠡᠬᠦᠷ ᠵᠡᠷᠭᠡ ᠳᠤ ᠤᠯᠠᠨ ᠬᠡᠯᠪᠡᠷᠢ ᠶᠢᠨ ᠨᠤᠮ ᠤᠩᠰᠢᠬᠤ ᠰᠢᠷᠢᠰ ᠠᠵᠢᠯᠯᠠᠭ᠎ᠠ ᠶᠠᠪᠤᠭᠳᠠᠪᠠ᠃     ᠦᠳᠡ ᠶᠢᠨ ᠡᠮᠦᠨᠡᠬᠢ 9 ᠴᠠᠭ ᠠᠴᠠ ᠡᠬᠢᠯᠡᠨ ᠦᠪᠦᠷ ᠮᠤᠩᠭᠤᠯ ᠤᠨ ᠨᠤᠮ ᠤᠨ ᠰᠠᠩ ᠳᠤ ︽ᠪᠤᠤᠬᠢᠶ᠎ᠠ ᠳᠠᠮᠵᠢᠭᠤᠯᠤᠨ ᠡᠷᠡᠮᠡᠭᠡᠶᠢᠯᠡᠨ ᠤᠷᠤᠭᠰᠢᠯᠠᠶ᠎ᠠ︾ ᠬᠡᠬᠦ ᠭᠤᠤᠯ ᠰᠡᠳᠦᠪᠳᠦ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ  100 ᠵᠢᠯ  ᠤᠨ  ᠤᠢ  ᠶᠢ  ᠪᠠᠶᠠᠷᠯᠠᠨ  ᠤᠭᠳᠤᠬᠤ  ᠨᠤᠮ  ᠪᠢᠴᠢᠭ  ᠤᠨ  ᠳᠠᠨᠢᠯᠴᠠᠭᠤᠯᠭ᠎ᠠ᠂ ︽ᠳᠤᠮᠳᠠᠳᠤ ᠤᠯᠤᠰ ᠤᠨ ᠡᠷᠲᠡᠨ ᠤ ᠰᠢᠯᠦᠭ ᠳᠠᠭᠤᠯᠠᠯ ᠤᠨ ᠳᠣᠲᠣᠭᠠᠳᠤ ᠠᠭᠤᠯᠬᠤᠨ ᠤ ᠭᠤᠸ᠎ᠠ ᠰᠠᠶᠢᠬᠠᠨ ᠤ ᠵᠠᠳᠠᠯᠤᠯᠲᠠ︾ ᠶᠢᠨ ᠳᠠᠶᠢᠯᠤᠮᠵᠢ ᠵᠡᠷᠭᠡ ᠠᠵᠢᠯᠯᠠᠭ᠎ᠠ ᠶᠠᠪᠤᠭᠳᠠᠪᠠ᠃ 10 ᠴᠠᠭ ᠬᠠᠭᠠᠰ ᠤᠨ ᠦᠶ᠎ᠡ ᠪᠠᠷ ᠂ ᠨᠤᠮ ᠤᠨ ᠰᠠᠩ ᠤᠨ ᠬᠤᠶᠠᠳᠤᠭᠠᠷ ᠳᠠᠪᠬᠤᠷᠯᠢᠭ ᠲᠤ ︽ᠨᠤᠳᠤᠭ ᠤᠨ ᠳᠠᠭᠤᠤ ᠪᠠᠨ ᠳᠠᠭᠤᠯᠠᠵᠤ ᠨᠠᠮ ᠳᠠᠭᠠᠨ ᠡᠷᠭᠦᠨ ᠪᠠᠷᠢᠶ᠎ᠠ︾ ᠬᠡᠬᠦ ᠳᠠᠭᠤᠤ ᠬᠠᠩᠬᠢᠨᠠᠵᠤ᠂ ᠤᠯᠤᠰ ᠤᠨ ᠲᠤᠭ᠂ ᠨᠠᠮ ᠤᠨ ᠳᠤᠭ ᠠᠳᠬᠤᠬᠰᠠᠨ ᠤᠩᠰᠢᠬᠴᠢᠳ ᠳᠠᠯ᠎ᠠ ᠳᠠᠯ᠎ᠠ ᠠᠴᠠ ᠬᠦᠷᠦᠯᠴᠡᠨ ᠢᠷᠡᠵᠤ᠂ ᠳᠠᠯᠠᠪᠠᠢ ᠲᠦᠬᠦᠷᠠᠳᠡᠯ᠎ᠡ ᠵᠤᠭᠰᠤᠵᠤ᠂ ᠬᠤᠪᠢᠰᠬᠠᠯᠳᠤ ᠳᠠᠭᠤᠤ ᠪᠠᠨ ᠳᠠᠭᠤᠯᠠᠵᠤ ᠨᠤᠮ ᠤᠩᠰᠢᠬᠤ ᠡᠳᠦᠷᠯᠢᠭ ᠢᠶᠠᠨ ᠳᠡᠮᠳᠡᠭᠯᠡᠭᠰᠡᠨ ᠪᠠᠶᠢᠨ᠎ᠠ᠃     ᠦᠪᠦᠷ ᠮᠤᠩᠭᠤᠯ ᠤᠨ ᠨᠤᠮ ᠤᠨ ᠰᠠᠩ ᠤᠨ ᠰᠢᠷᠢᠰ ᠠᠵᠢᠯᠯᠠᠭ᠎ᠠ ᠳᠤ ᠪᠠᠰᠠ ︽ᠸᠧᠨ ᠶᠢᠨ ᠨᠤᠮ ᠪᠢᠴᠢᠭ ᠤᠨ ᠱᠠᠩᠨᠠᠯᠳᠤ ᠪᠦᠳᠦᠭᠡᠯ ᠤᠨ ᠦᠵᠡᠭᠦᠯᠭᠡ︾᠂ ︽ᠨᠠᠮ ᠤᠨ ᠠᠴᠢ ᠪᠠᠷ ᠶᠠᠳᠠᠭᠤ ᠠᠴᠠ ᠠᠩᠬᠢᠵᠢᠷᠠᠵᠤ᠂ ᠰᠢᠨ᠎ᠡ ᠴᠠᠭ ᠦᠶ᠎ᠡ ᠳᠤ ᠡᠷᠡᠮᠡᠭᠡᠶᠢᠯᠡᠨ ᠤᠷᠤᠭᠰᠢᠯᠠᠶ᠎ᠠ︾ ᠬᠡᠬᠦ ᠬᠡᠷᠡᠯ ᠵᠢᠷᠤᠭ ᠤᠨ ᠦᠵᠡᠰᠭᠦᠯᠡᠩ᠂ ᠰᠦᠯᠵᠢᠶᠡᠨ ᠳᠡᠭᠡᠷᠡᠬᠢ ᠰᠢᠯᠦᠭ ᠳᠠᠭᠤᠯᠠᠯ ᠤᠨ ᠴᠢᠭᠤᠯᠭᠠᠨ᠂ ︽ᠬᠤᠪᠢᠰᠬᠠᠯ ᠤᠨ ᠰᠤᠩᠭᠤᠳᠠᠭ ᠢ ᠤᠩᠰᠢᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠶ᠎ᠠ︾ ᠬᠡᠬᠦ ᠪᠦᠳᠦᠭᠡᠯ ᠡᠯᠰᠡᠬᠦ ᠠᠵᠢᠯᠯᠠᠭ᠎ᠠ ᠵᠡᠷᠭᠡ ᠶᠠᠪᠤᠭᠳᠠᠵᠤ᠂ ᠨᠡᠶᠢᠬᠡᠮ ᠳᠠᠶᠠᠭᠠᠷ ᠨᠤᠮ ᠤᠩᠰᠢᠬᠤ ᠠᠭᠤᠷ ᠠᠮᠢᠰᠬᠤᠯ ᠢ ᠪᠤᠢ ᠪᠤᠯᠭᠠᠬᠤ ᠶᠢ ᠵᠤᠷᠢᠭᠰᠠᠨ ᠪᠠᠶᠢᠨ᠎ᠠ᠃     ᠬᠦᠬᠡᠬᠤᠳᠠ  ᠶᠢᠨ  ᠨᠤᠮ  ᠤᠨ  ᠰᠠᠩ  ︽ ᠬᠤᠨ  ᠭᠠᠯᠠᠭᠤ  ︾  ᠤᠩᠰᠢᠯᠭ᠎ᠠ  ᠶᠢᠨ  ᠲᠠᠪᠴᠠᠩ  ᠳᠤ ᠲᠦᠰᠢᠭᠯᠡᠨ᠂ ︽ᠴᠡᠯᠡᠭᠡᠷ ᠲᠠᠯ᠎ᠠ ᠶᠢᠨ ᠨᠣᠮ ᠤᠩᠰᠢᠬᠤ ᠤᠯᠠᠷᠢᠯ︾ ᠤᠨ ᠠᠵᠢᠯᠯᠠᠭ᠎ᠠ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶᠢᠨ ᠰᠢᠷᠢᠰ ᠠᠵᠢᠯᠯᠠᠭ᠎ᠠ ᠪᠠᠷ ᠰᠣᠩᠭᠤᠳᠠᠭ ᠨᠣᠮ ᠤᠩᠰᠢᠬᠤ᠂ ᠲᠣᠭᠠᠴᠢᠯᠠᠭᠰᠠᠨ ᠨᠣᠮ ᠤᠩᠰᠢᠬᠤ᠂ ᠨᠣᠮ ᠤᠩᠰᠢᠬᠤ ᠶᠢ ᠬᠠᠮᠲᠤ ᠪᠠᠷ ᠡᠳ᠋ᠯᠡᠬᠦ ᠵᠡᠷᠭᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ 6 ᠰᠠᠷ᠎ᠠ ᠶᠢᠨ ᠳᠤᠮᠳᠠᠴᠢ ᠪᠤᠯᠳᠠᠯ᠎ᠠ ᠦᠷᠭᠦᠯᠵᠢᠯᠡᠬᠦ ᠪᠤᠯᠤᠨ᠎ᠠ᠃ ᠡᠭᠦᠨ ᠳᠤ᠂ ︽ᠵᠠᠭᠤᠨ ᠵᠢᠯ ᠤᠨ ᠢᠷᠠᠭᠤ ᠠᠯᠳᠠᠷ ᠢ ᠤᠯᠠᠮᠵᠢᠯᠠᠨ ᠤᠩᠰᠢᠶ᠎ᠠ︾ ᠬᠡᠬᠦ ᠶᠠᠷᠢᠶ᠎ᠠ ᠢᠯᠡᠳᠬᠡᠯ ᠤᠨ ᠤᠷᠤᠯᠳᠤᠭᠠᠨ᠂ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠰᠤᠷᠤᠯᠴᠠᠵᠤ ᠴᠠᠭ ᠦᠶ᠎ᠡ ᠶᠢᠨ ᠡᠭᠦᠷᠭᠡᠯᠡᠯ ᠢ ᠪᠢᠴᠢᠭᠯᠡᠶ᠎ᠡ︾ ᠭᠡᠬᠦ ᠰᠣᠩᠭᠤᠳᠠᠭ ᠬᠤᠪᠢᠰᠬᠠᠯᠲᠤ ᠰᠢᠯᠦᠭ ᠳᠠᠭᠤᠯᠠᠯ ᠤᠨ ᠤᠷᠠᠨ ᠪᠢᠴᠢᠯᠭᠡ ᠶᠢᠨ ᠪᠦᠲᠦᠭᠡᠯ ᠡᠯᠰᠡᠬᠦ ᠠᠵᠢᠯᠯᠠᠭ᠎ᠠ᠂ ︽ᠬᠦᠰᠡᠯ ᠵᠡᠭᠦᠳᠦ ᠨᠣᠮ ᠤᠩᠰᠢᠬᠤ ᠠᠴᠠ ᠡᠬᠢᠯᠡᠨ᠎ᠡ︾ ᠬᠡᠬᠦ  ᠳᠡᠯᠡᠬᠡᠶ  ᠶᠢᠨ  ᠨᠣᠮ  ᠤᠩᠰᠢᠬᠤ  ᠡᠳᠦᠷ  ᠤᠨ  ᠭᠤᠤᠯ  ᠰᠡᠳᠦᠪᠲᠦ  ᠦᠵᠡᠭᠦᠯᠭᠡ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠶ᠎ᠠ︾ ᠬᠡᠬᠦ ᠨᠠᠮ ᠤᠨ ᠲᠡᠦᠬᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠠᠵᠢᠯᠯᠠᠭ᠎ᠠ ᠵᠡᠷᠭᠡ ᠶᠢ ᠪᠠᠭᠳᠠᠭᠠᠪᠠ᠃     ᠦᠪᠦᠷ ᠮᠤᠩᠭᠤᠯ ᠤᠨ ᠰᠢᠨᠬᠤᠧᠠ ᠨᠤᠮ ᠤᠨ ᠳᠡᠯᠭᠡᠬᠦᠷ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ ᠪᠦᠬᠦ ᠠᠷᠠᠳ ᠨᠤᠮ ᠤᠩᠰᠢᠶ᠎ᠠ︾ ᠬᠡᠬᠦ ᠭᠤᠤᠯ ᠰᠡᠳᠦᠪᠳᠤ ᠠᠵᠢᠯᠯᠠᠭ᠎ᠠ ᠦᠷᠨᠢᠭᠦᠯᠵᠤ᠂ ᠰᠦᠯᠵᠢᠶᠡᠨ ᠳᠡᠭᠡᠷᠡᠬᠢ ᠨᠤᠮ ᠤᠨ ᠦᠷᠦᠭᠡ᠂ ᠳᠤᠮᠳᠠᠳᠤ ᠶᠢᠨ ᠡᠷᠳᠡᠨ ᠤ ᠰᠢᠯᠦᠭ ᠤᠨ ᠤᠩᠰᠢᠯᠭ᠎ᠠ ᠶᠢᠨ ᠤᠷᠤᠯᠳᠤᠭᠠᠨ᠂ ᠳᠢᠬ ᠲᠤᠬ ᠤᠨ ᠰᠢᠭᠤᠳ ᠨᠡᠪᠳᠡᠷᠡᠭᠦᠯᠭᠡ ᠵᠡᠷᠭᠡ ᠨᠢ ᠤᠩᠰᠢᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号