ᠪᠦᠬᠦ ᠤᠯᠤᠰ ᠤᠨ ᠡᠮᠡᠭᠲᠡᠶ ᠶᠢᠨ ᠨᠢᠳᠤᠷᠭᠠᠨ ᠲᠡᠮᠡᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠥᠪᠥᠷ ᠮᠣᠩᠭᠤᠯ 2 ᠠᠯᠲᠠᠨ ᠮᠧᠳᠠᠯ 1 ᠮᠥᠩᠭᠦᠨ ᠮᠧᠳᠠᠯ 2 ᠬᠦᠷᠡᠯ ᠮᠧᠳᠠᠯ ᠣᠯᠪᠠ
ᠨᠡᠶᠢᠲᠡᠯᠡᠭᠰᠡᠨ ᠴᠠᠭ᠄
2021/4/9
     4 ᠰᠠᠷ᠎ᠠ ᠶᠢᠨ 3 ᠤ ᠡᠳᠦᠷ ᠠᠴᠠ 7 ᠤ ᠡᠳᠦᠷ ᠪᠣᠯᠲᠠᠯ᠎ᠠ᠂ 2021 ᠣᠨ ᠤ ᠪᠥᠬᠦ ᠤᠯᠤᠰ ᠤᠨ ᠡᠮᠡᠭᠲᠡᠶ ᠶᠢᠨ ᠨᠢᠳᠤᠷᠭᠠᠨ ᠲᠡᠮᠡᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠲᠥᠷᠥᠯ ᠵᠦᠢᠯ ᠤᠨ ᠬᠢᠷᠢ ᠬᠡᠮ ᠤᠨ ᠤᠷᠤᠯᠳᠤᠭᠠᠨ ︵ᠨᠢᠭᠡᠳᠦᠭᠡᠷ ᠥᠷᠲᠡᠭᠡ︶ ᠴᠦᠩᠴᠢᠩ ᠤᠨ ᠷᠦᠩᠴᠠᠩ ᠬᠤᠲᠠ ᠳᠤ ᠶᠠᠪᠤᠭᠳᠠᠵᠤ᠂ ᠪᠥᠬᠦ ᠤᠯᠤᠰ ᠤᠨ 34 ᠲᠥᠯᠥᠭᠡᠯᠡᠭᠴᠢᠳ ᠤᠨ ᠠᠩᠭᠢ᠂ 184 ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠥᠪᠥᠷ ᠮᠣᠩᠭᠤᠯ ᠨᠡᠶᠢᠲᠡ 17 ᠲᠠᠮᠢᠷᠴᠢᠨ ᠲᠣᠮᠢᠯᠠᠨ 7 ᠲᠠᠰ ᠤᠨ ᠤᠷᠤᠯᠳᠤᠭᠠᠨ ᠳᠤ ᠣᠷᠣᠯᠴᠠᠭᠤᠯᠵᠤ᠂ ᠡᠴᠦᠰ ᠲᠡᠭᠡᠨ 2 ᠠᠯᠲᠠᠨ ᠮᠧᠳᠠᠯ 1 ᠮᠥᠩᠭᠦᠨ ᠮᠧᠳᠠᠯ 2 ᠭᠠᠤᠯᠢᠨ ᠮᠧᠳᠠᠯ᠂ 7 ᠲᠠᠪᠤᠳᠤᠭᠠᠷ ᠲᠤ ᠣᠷᠣᠵᠠᠶ᠃ ᠥᠪᠥᠷ ᠮᠣᠩᠭᠤᠯ ᠤᠨ ᠠᠩᠭᠢ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠬᠦᠷᠲᠡᠪᠡ᠃
    ᠯᠢ ᠴᠢᠶᠠᠨ ᠲᠣᠣᠺᠢᠣ᠋ ᠶᠢᠨ ᠣᠯᠢᠮᠫᠢᠺ ᠤᠨ ᠴᠤᠭᠯᠠᠭᠠᠨ ᠳᠤ ᠣᠷᠣᠯᠴᠠᠬᠤ  ᠬᠢᠷᠢ ᠬᠡᠮ ᠢ ᠣᠯᠤᠭᠰᠠᠨ ᠠᠴᠠ ᠲᠤᠰ ᠤᠳᠠᠭᠠᠨ ᠤ ᠤᠷᠤᠯᠳᠤᠭᠠᠨ ᠳᠤ ᠣᠷᠣᠯᠴᠠᠬᠤ ᠴᠢᠬᠤᠯᠠ ᠦᠭᠡᠢ ᠪᠠᠷ ᠰᠢᠭᠤᠳ 75 ᠺᠢᠯᠣᠭ᠍ᠷᠠᠮ ᠤᠨ ᠲᠡᠰ ᠤᠨ ᠨᠢᠭᠡᠳᠦᠭᠡᠷ ᠲᠤ ᠣᠷᠣᠪᠠ᠂ ᠶᠠᠩ ᠯᠢᠦ ᠥᠪᠥᠷ ᠮᠣᠩᠭᠤᠯ ᠢ ᠲᠦᠯᠦᠭᠡᠯᠡᠵᠦ᠂ ᠳ᠋ᠧᠦ ᠳ᠋ᠠᠨ ᠬᠥᠬᠡᠨᠠᠭᠤᠷ ᠢ ᠲᠦᠯᠦᠭᠡᠯᠡᠵᠦ᠂ ᠸᠠᠩ ᠳ᠋ᠦᠩ ᠮᠧᠶ ᠱᠠᠨ ᠰᠢ ᠶᠢ ᠲᠥᠯᠥᠭᠡᠯᠡᠨ ᠲᠣᠰ ᠲᠣᠰ 69 ᠺᠢᠯᠣᠭ᠍ᠷᠠᠮ ᠤᠨ ᠲᠠᠰ ᠤᠨ ᠨᠢᠭᠡᠳᠦᠭᠡᠷ ᠨᠡᠷᠡᠰ ᠂ ᠬᠤᠶᠠᠳᠤᠭᠠᠷ ᠨᠡᠷᠡᠰ  ᠪᠠ ᠭᠤᠷᠪᠠᠳᠤᠭᠠᠷ ᠨᠡᠷᠡᠰ ᠲᠤ ᠣᠷᠤᠪᠠ  ᠃ ᠵᠢᠶᠠ ᠶᠠᠨ ᠠᠨᠾᠦᠶ ᠶᠢ ᠲᠥᠯᠥᠭᠡᠯᠡᠨ 75 ᠺᠢᠯᠣᠭ᠍ᠷᠠᠮ ᠤᠨ ᠳᠡᠰ ᠤᠨ ᠭᠤᠷᠪᠠᠳᠤᠭᠠᠷ ᠲᠤ ᠣᠷᠣᠵᠠᠶ  ᠃
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号