ᠨᠡᠶᠢᠭᠡᠮ ᠤᠨ ᠬᠥᠯ ᠪᠥᠮᠪᠦᠭᠡ ᠶᠢᠨ ᠬᠥᠭᠵᠢᠯᠲᠡ ᠶᠢᠨ ᠰᠢᠨ᠎ᠡ ᠬᠠᠭᠤᠳᠠᠰᠦ
ᠨᠡᠶᠢᠲᠡᠯᠡᠭᠰᠡᠨ ᠴᠠᠭ᠄
2021/9/15
    ᠣᠢᠢᠷ᠎ᠠ ᠶᠢᠨ ᠵᠢᠯ ᠠᠴᠠ ᠨᠡᠭᠠᠰᠢ ᠠᠮᠢᠵᠢᠷᠠᠯ ᠪᠢᠯᠬᠠᠭᠰᠠᠨ ᠬᠥᠯ ᠪᠥᠮᠪᠦᠭᠡᠨ ᠤᠷᠤᠯᠳᠤᠭᠠᠨ ᠨᠢ ᠥᠪᠥᠷ ᠮᠣᠩᠭᠤᠯ ᠤᠨ ᠭᠤᠶᠢᠳᠠ ᠰᠠᠶᠢᠬᠠᠨ ᠦᠵᠡᠮᠵᠢ ᠶᠢ ᠪᠦᠷᠢᠯᠳᠦᠬᠦᠯᠪᠡ᠃ ᠮᠠᠨ ᠤ ᠤᠷᠤᠨ ᠡᠯ᠎ᠡ ᠲᠠᠯ᠎ᠠ ᠶᠢᠨ ᠡᠬᠢ ᠪᠠᠶᠠᠯᠢᠭ ᠢ ᠭᠦᠢᠴᠡᠳ ᠳᠠᠶᠢᠴᠢᠯᠠᠵᠤ᠂ ᠨᠡᠶᠢᠭᠡᠮ ᠤᠨ ᠬᠥᠯ ᠪᠥᠮᠪᠦᠭᠡ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠣᠯᠠᠨ ᠲᠦᠮᠡᠨ ᠤ ᠬᠥᠯ ᠪᠥᠮᠪᠦᠭᠡ ᠶᠢᠨ ᠬᠦᠳᠡᠯᠬᠡᠬᠡᠨ ᠳᠤ ᠣᠷᠣᠯᠴᠠᠬᠤ ᠤᠷᠮ᠎ᠠ ᠵᠤᠷᠢᠭ ᠢ ᠬᠥᠭᠵᠢᠭᠡᠨ᠂ ᠪᠦᠬᠦ ᠠᠷᠠᠳ ᠤᠨ ᠬᠥᠯ ᠪᠥᠮᠪᠦᠭᠡ ᠶᠢ ᠪᠠᠭ᠋ᠠᠷᠬᠠᠬᠤ ᠦᠳᠭᠡᠨ ᠵᠤᠵᠠᠭᠠᠨ ᠠᠭᠤᠷ ᠠᠮᠢᠰᠬᠤᠯ ᠢ ᠪᠣᠢ ᠪᠤᠯᠭᠠᠭᠰᠠᠨ ᠪᠠᠶᠢᠨ᠎ᠠ᠃     ᠮᠠᠨ ᠤ ᠤᠷᠤᠨ ︽ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠲᠤ ᠲᠣᠬᠢᠷᠠᠭᠤᠯᠤᠯᠲᠠ ᠥᠭᠡᠷᠡᠴᠢᠯᠡᠯᠳᠠ ᠬᠢᠬᠦ ᠲᠥᠰᠦᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠵᠦ᠂ ᠬᠥᠯ ᠪᠥᠮᠪᠦᠭᠡ ᠶᠢᠨ ᠬᠥᠭᠵᠢᠯᠲᠡ ᠶᠢᠨ ᠲᠣᠭᠲᠠᠴᠠ ᠶᠢ ᠲᠠᠰᠤᠷᠠᠯᠲᠠ ᠥᠬᠡᠶ ᠰᠢᠯᠤᠭᠤᠳᠬᠠᠨ᠂ ᠬᠥᠯ ᠪᠥᠮᠪᠦᠭᠡ ᠶᠢᠨ ᠥᠭᠡᠷᠡᠴᠢᠯᠡᠯᠲᠡ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠢᠨ ᠨᠡᠶᠢᠲᠡ 60 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ ᠵᠡᠷᠭᠡ ᠲᠠᠯ᠎ᠠ ᠪᠠᠷ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠳᠡᠮᠵᠢᠪᠡ᠃
    ᠤᠢᠢᠯᠠᠭᠠᠭᠰᠠᠨ ᠢᠶᠠᠷ᠂ ᠣᠳᠣᠬᠠᠨ ᠳᠤ ᠮᠠᠨ ᠤ ᠤᠷᠤᠨ ᠳᠤ ᠬᠥᠯ ᠪᠥᠮᠪᠦᠭᠡ ᠶᠢᠨ ᠨᠡᠶᠢᠭᠡᠮᠯᠢᠭ ᠨᠡᠶᠢᠲᠡ 28 ᠪᠠᠶᠢᠵᠦ᠂ 42 ᠬᠤᠰᠢᠭᠤ ᠰᠢᠶᠠᠨ ︵ᠬᠤᠲᠠ᠂ ᠲᠣᠭᠤᠷᠢᠭ︶ ᠬᠥᠯ ᠪᠥᠮᠪᠦᠭᠡ ᠶᠢᠨ ᠨᠡᠶᠢᠭᠡᠮᠯᠢᠭ ᠪᠠᠢᠭᠤᠯᠵᠤ᠂ ᠬᠥᠯ ᠪᠥᠮᠪᠦᠭᠡ ᠶᠢᠨ ᠬᠥᠭᠵᠢᠯᠲᠡ ᠶᠢ ᠪᠦᠬᠦ ᠨᠡᠶᠢᠭᠡᠮ ᠤᠨ ᠬᠥᠭᠵᠢᠯᠲᠡ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠡᠷᠡᠭᠦᠯ ᠮᠡᠨᠳᠦ ᠶᠢᠨ ᠦᠢᠯᠡᠰ ᠪᠣᠯᠭᠠᠨ ᠬᠦᠭᠵᠢᠭᠦᠯᠦᠭᠰᠡᠨ ᠪᠠᠶᠢᠨ᠎ᠠ᠃ 2001 ᠣᠨ ᠤ 4 ᠰᠠᠷ᠎ᠠ ᠳᠤ ᠬᠥᠬᠡᠬᠤᠲᠠ ᠶᠢᠨ ᠦ᠋ ᠵᠢᠶᠠᠩ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ᠂ ᠬᠥᠬᠡᠬᠤᠲᠠ ᠶᠢᠨ ᠬᠤᠣ ᠶᠠᠩ ᠬᠥᠯ ᠪᠥᠮᠪᠦᠭᠡ ᠶᠢᠨ ᠺᠯᠦ᠋ᠪ ᠵᠡᠷᠭᠡ ᠨᠢ ᠬᠥᠬᠡᠬᠤᠲᠠ ᠶᠢᠨ ᠠᠩᠬᠠᠳᠠᠭᠴᠢ ᠪᠦᠯᠦᠭ ᠨᠡᠶᠢᠭᠡᠮ ᠤᠨ ᠬᠥᠯ ᠪᠥᠮᠪᠦᠭᠡ ᠶᠢᠨ ᠨᠡᠷᠡᠲᠦ ᠪᠣᠯᠪᠠᠰᠤᠷᠠᠭᠤᠯᠬᠤ ᠪᠠᠶᠢᠭᠤᠯᠤᠮᠵᠢ ᠪᠠᠷ ᠨᠡᠷᠡᠶᠢᠳᠦᠭᠳᠡᠪᠡ᠃ 2020 ᠣᠨ ᠪᠣᠯᠲᠠᠯ᠎ᠠ ᠺᠯᠦ᠋ᠪ ᠲᠤ ᠲᠠᠩᠰᠠᠯᠠᠭᠤᠯᠤᠭᠰᠠᠨ 3 — 16 ᠨᠠᠰᠤᠨ ᠤ ᠵᠠᠯᠠᠭᠤᠴᠤᠳ ᠪᠠᠭᠠᠴᠤᠳ 3000 ᠭᠠᠷᠤᠢ᠂ ᠰᠤᠷᠭᠠᠭᠴᠢ 60 ᠭᠠᠷᠤᠢ ᠪᠤᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠢᠵᠢ ᠪᠦᠷᠢᠳᠦᠭᠰᠡᠨ ᠵᠢᠭᠠᠨ ᠰᠤᠷᠭᠠᠯᠲᠠ᠂ ᠬᠥᠯ ᠪᠥᠮᠪᠦᠭᠡ ᠶᠢᠨ ᠲᠦᠭᠡᠮᠡᠯᠵᠢᠭᠦᠯᠬᠦ ᠬᠢᠴᠢᠶᠡᠯ ᠵᠡᠷᠭᠡ ᠦᠢᠯᠡᠴᠢᠯᠡᠭᠡ ᠨᠢ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠣᠳᠣᠬᠠᠨ ᠳᠤ ᠥᠪᠥᠷ ᠮᠣᠩᠭᠤᠯ ᠳᠤ ᠨᠡᠶᠢᠭᠡᠮ ᠤᠨ ᠬᠥᠯ ᠪᠥᠮᠪᠦᠭᠡ ᠶᠢᠨ ᠺᠯᠦ᠋ᠪ 138 ᠪᠠᠶᠢᠵᠤ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠰᠢᠰᠲ᠋ᠧᠮ ᠳᠤ ᠳᠠᠩᠰᠠᠯᠠᠭᠤᠯᠤᠭᠰᠠᠨ ᠺᠯᠦ᠋ᠪ 93 ᠪᠣᠢ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠯᠪᠠᠨ ᠮᠡᠳᠡᠭᠡ ᠶᠢ ᠦᠨᠳᠦᠰᠦᠯᠡᠪᠡᠯ᠂ 2019 ᠣᠨ ᠤ ᠡᠴᠦᠰ ᠪᠣᠯᠲᠠᠯ᠎ᠠ ᠪᠦᠬᠦ ᠣᠷᠣᠨ ᠳᠤ ᠨᠡᠶᠢᠲᠡ 3530 ᠬᠥᠯ ᠪᠥᠮᠪᠦᠭᠡ ᠶᠢᠨ ᠲᠠᠯᠠᠪᠤᠷ ᠪᠤᠢ᠃ ᠡᠬᠦᠨ ᠳᠤ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ 1604᠂ ᠳᠣᠯᠣᠭᠠᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ 997᠂ ᠠᠷᠪᠠᠨ ᠨᠢᠭᠡᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ 920 ᠪᠤᠢ᠃ ᠲᠦᠮᠡᠨ ᠬᠥᠮᠦᠨ ᠪᠦᠷᠢ ᠳᠤ 1.4 ᠬᠥᠯ ᠪᠥᠮᠪᠦᠭᠡ ᠶᠢᠨ ᠲᠠᠯᠠᠪᠤᠷ ᠲᠠᠢ ᠪᠠᠶᠢᠵᠤ᠂ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠪᠠ᠃
    ᠮᠠᠨ ᠤ ᠤᠷᠤᠨ 2014 ᠣᠨ ᠠᠴᠠ ᠪᠦᠬᠦ ᠤᠯᠤᠰ ᠤᠨ ᠠᠩᠬᠠᠳᠠᠭᠴᠢ ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠮᠣᠵᠢ ᠣᠷᠣᠨ ᠪᠣᠯᠤᠭᠰᠠᠨ ᠠᠴᠠ ᠨᠠᠭᠠᠰᠢ᠂ ᠬᠥᠯ ᠪᠥᠮᠪᠦᠭᠡ ᠶᠢᠨ ᠤᠷᠤᠯᠳᠤᠭᠠᠨ ᠤ ᠠᠵᠢᠯᠯᠠᠭ᠎ᠠ ᠡᠳᠦᠷ ᠢᠷᠡᠬᠦᠶ᠎ᠡ ᠡᠯᠪᠡᠭ ᠪᠠᠶᠠᠯᠢᠭ ᠪᠣᠯᠵᠠᠢ᠃ ᠨᠡᠶᠢᠭᠡᠮ ᠤᠨ ᠬᠥᠯ ᠪᠥᠮᠪᠦᠭᠡ ᠶᠢᠨ ᠲᠥᠷᠥᠯ ᠤᠨ ᠤᠷᠤᠯᠳᠤᠭᠠᠨ ᠳᠤ ᠭᠤᠣᠯᠳᠠᠭᠤ ᠥᠪᠥᠷ ᠮᠣᠩᠭᠤᠯ ᠤᠨ ᠡᠷᠡᠭᠲᠡᠢ ᠶᠢᠨ ᠬᠥᠯ ᠪᠥᠮᠪᠦᠭᠡ ᠶᠢᠨ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ᠂ ᠥᠪᠥᠷ ᠮᠣᠩᠭᠤᠯ ᠤᠨ ᠡᠷᠡᠭᠲᠡᠢ ᠶᠢᠨ ᠬᠥᠯ ᠪᠥᠮᠪᠦᠭᠡ ᠶᠢᠨ ᠬᠥᠬᠡ ᠳᠡᠰ ᠤᠨ ᠬᠤᠯᠪᠣᠭᠠᠲᠤ ᠤᠷᠤᠯᠳᠤᠭᠠᠨ᠂ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠴᠠᠰᠤᠲᠤ ᠭᠠᠵᠠᠷ ᠤᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠪᠦᠬᠦ ᠤᠯᠤᠰ ᠤᠨ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠪᠤᠢ᠃ ︽ᠬᠥᠯ ᠪᠥᠮᠪᠦᠭᠡ ᠶᠢᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠳᠦ᠋ᠢᠪᠡᠷ ᠵᠢᠯ ᠳᠠᠷᠠᠭᠠᠯᠠᠨ ᠨᠡᠮᠡᠭᠳᠡᠭᠰᠡᠨ ᠪᠣᠯᠪᠠᠴᠤ ᠬᠥᠭᠵᠢᠯᠲᠡ ᠶᠢᠨ ᠪᠠᠶᠢᠷᠢᠯᠠᠭᠤᠯᠤᠯᠲᠠ ᠨᠢ ᠲᠡᠩᠴᠡᠭᠦᠷᠢ ᠦᠭᠡᠢ᠂ ᠠᠰᠢᠬᠯᠠᠯᠲᠠ ᠶᠢᠨ ᠨᠣᠷᠮ᠎ᠠ ᠨᠢ ᠥᠨᠳᠥᠷ ᠪᠤᠰᠤ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠡᠳᠡᠭᠡᠷ ᠠᠰᠠᠭᠤᠳᠠᠯ ᠨᠢ ᠪᠦᠷ ᠨᠡᠶᠢᠭᠡᠮ ᠤᠨ ᠬᠥᠯ ᠪᠥᠮᠪᠦᠭᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠳᠤ ᠢᠯᠡᠷᠡᠵᠦ ᠪᠤᠢ᠃ ᠢᠷᠡᠭᠡᠳᠦᠢ ᠶᠢᠨ ᠨᠡᠶᠢᠭᠡᠮ ᠤᠨ ᠬᠥᠯ ᠪᠥᠮᠪᠦᠭᠡ ᠶᠢ ᠬᠥᠭᠵᠢᠭᠦᠯᠬᠦ ᠮᠠᠨ ᠤ ᠬᠠᠷᠠᠯᠲᠠ ᠪᠣᠯ ᠳᠠᠷᠤᠢ ᠬᠥᠯ ᠪᠥᠮᠪᠦᠭᠡ ᠶᠢ ᠨᠡᠶᠢᠭᠡᠮ ᠲᠣᠭᠤᠷᠢᠭ ᠲᠤ ᠰᠠᠭᠤᠷᠢᠯᠠᠭᠤᠯᠵᠤ᠂ ᠴᠡᠴᠡᠷᠯᠢᠭ ᠲᠤ ᠦᠨᠳᠦᠰᠦᠯᠡᠬᠦᠯᠵᠤ᠂ ᠰᠤᠷᠭᠠᠭᠤᠯᠢ ᠶᠢᠨ ᠬᠦᠷᠢᠶᠡᠨ ᠳᠤ ᠰᠠᠭᠤᠷᠢᠰᠢᠭᠤᠯᠤᠨ᠂ ᠬᠥᠯ ᠪᠥᠮᠪᠦᠭᠡ ᠶᠢᠨ ᠲᠠᠯᠠᠪᠠᠢ ᠣᠷᠳᠣᠨ ᠳᠤ ᠰᠠᠭᠤᠷᠢᠯᠠᠭᠤᠯᠵᠤ᠂ ︿ᠬᠥᠯ ᠪᠥᠮᠪᠦᠭᠡ ᠪᠣᠯ ᠪᠦᠬᠦ ᠠᠷᠠᠳ ᠤᠨ ᠬᠥᠳᠡᠯᠭᠡᠭᠡᠨ ᠪᠤᠯᠤᠨ᠎ᠠ﹀ ᠭᠡᠭᠦ ᠣᠢᠢᠯᠠᠭᠠᠭᠳᠠᠬᠤᠨ ᠢ ᠤᠯᠠᠮ ᠰᠠᠶᠢᠳᠤᠷ ᠤᠬᠠᠭᠤᠯᠵᠤ᠂ ᠵᠠᠯᠠᠭᠤᠴᠤᠳ ᠪᠠᠭᠠᠴᠤᠳ ᠠᠴᠠ ᠢᠳᠡᠷ ᠨᠠᠰᠤᠨ ᠤ ᠬᠦᠮᠦᠰ ᠬᠦᠷᠲᠡᠯ᠎ᠡ ᠪᠦᠮᠪᠦᠭᠡᠨ ᠲᠠᠯᠠᠪᠤᠷ ᠲᠤ ᠪᠥᠮᠪᠦᠭᠡ ᠢᠰᠬᠦᠯᠵᠦ᠂ ᠤᠷᠤᠯᠳᠤᠭᠠᠨ ᠳᠤ ᠤᠷᠤᠯᠴᠠᠬᠤ ᠶᠢ ᠠᠬᠢᠭᠤᠯᠤᠨ᠎ᠠ︾ ᠭᠡᠵᠦ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠡᠦ ᠭᠠᠩ ᠶᠡᠷᠢᠵᠦ ᠪᠠᠶᠢᠯ᠎ᠠ᠃
    ᠤᠢᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠬᠥᠯ ᠪᠥᠮᠪᠦᠭᠡ ᠶᠢᠨ ᠲᠥᠷᠥᠯ ᠵᠦᠢᠯ ᠤᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠡᠷᠡᠭᠲᠡᠶ ᠶᠢᠨ ᠬᠥᠬᠡ ᠳᠤᠭᠤᠶᠢᠯᠠᠩ ᠤᠨ ᠬᠥᠳᠡᠭᠡ ᠲᠣᠰᠬᠤᠨ ᠰᠢᠶᠠᠩ ᠪᠠᠯᠭᠠᠰᠤᠨ ᠤ ᠳᠤᠭᠤᠶᠢᠯᠠᠩ ᠤᠨ ᠰᠢᠶ᠋ᠳᠪᠦᠷᠢᠲᠦ ᠤᠷᠤᠯᠳᠤᠭᠠᠨ 7 ᠰᠠᠷ᠎ᠠ ᠶᠢᠨ 10 ᠤ ᠡᠳᠦᠷ ᠠᠴᠠ 16 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠵᠦ᠂ ᠪᠦᠬᠦ ᠤᠯᠤᠰ ᠤᠨ 8 ᠡᠩᠨᠡᠭᠡ ᠬᠥᠬᠡᠬᠤᠲᠠ ᠳᠤ ᠴᠤᠭᠯᠠᠷᠠᠵᠤ᠂ ᠤᠷᠤᠯᠳᠤᠭᠠᠨ ᠳᠤ ᠤᠷᠤᠯᠴᠠᠭᠰᠠᠨ ᠪᠢᠯᠡ᠃ ᠡᠭᠦᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠭᠢ ᠪᠤᠯᠬᠤ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠺᠯᠦ᠋ᠪ ᠤᠷᠤᠯᠳᠤᠭᠠᠨ ᠳᠤ ᠮᠠᠩᠯᠡᠶᠢᠯᠠᠵᠦ᠂ ᠤᠷᠤᠨ ᠨᠤᠲᠤᠭ ᠲᠠᠭᠠᠨ ᠢᠷᠠᠭᠤ ᠠᠯᠳᠠᠷ ᠠᠪᠴᠢᠷᠠᠵᠦ ᠦᠭᠴᠠᠢ᠃     ︽ᠲᠦᠯᠦ︾ ᠺᠯᠦ᠋ᠪ ᠪᠤᠯ 2003 ᠣᠨ ᠤ 3 ᠰᠠᠷ᠎ᠠ ᠶᠢᠨ 9 ᠤ ᠡᠳᠦᠷ ᠪᠠᠶᠢᠭᠤᠯᠤᠭᠳᠠᠭᠰᠠᠨ ᠶᠤᠮ᠃ ᠡᠭᠦᠰᠭᠡᠨ ᠪᠠᠶᠢᠭᠤᠯᠤᠭᠴᠢ ᠢᠳᠡᠷᠵᠠᠨ᠎ᠠ ᠶᠢᠨ ᠰᠠᠨᠠᠭᠠᠴᠢᠯᠠᠭ᠎ᠠ ᠳᠣᠣᠷ᠎ᠠ᠂ ᠺᠯᠦ᠋ᠪ ᠨᠢ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠨᠥᠬᠦᠷᠯᠡᠯ ᠢᠶᠠᠨ ᠵᠤᠵᠠᠭᠠᠳᠬᠠᠬᠤ ᠪᠠᠷ ᠬᠠᠷᠠᠯᠲᠠ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠨᠢᠭᠡ ᠦᠶ᠎ᠡ ᠶᠢᠨ ᠵᠠᠯᠠᠭᠤᠴᠤᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠡᠷᠡᠯᠬᠡᠭᠯᠡᠨ ᠲᠡᠮᠡᠴᠡᠬᠦ᠂ ᠪᠦᠯᠬᠦᠮᠳᠡᠨ ᠤᠷᠤᠬᠰᠢᠯᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃
    ᠭᠠᠯ ᠬᠠᠯᠠᠭᠤᠨ ᠰᠡᠳᠬᠢᠯᠭᠡ ᠪᠠᠷ ᠬᠥᠯ ᠪᠥᠮᠪᠦᠭᠡ ᠳᠤ ᠣᠷᠣᠯᠴᠠᠬᠤ ᠶᠢ ᠬᠦᠰᠡᠨ ᠰᠠᠨᠠᠭᠠᠴᠢᠯᠠᠵᠤ ᠺᠯᠦ᠋ᠪ ᠤᠨ ᠨᠡᠷ᠎ᠡ ᠪᠠᠨ ︽ᠳᠥᠯᠥ︾ ᠬᠡᠵᠦ ᠨᠡᠷᠡᠯᠡᠭᠰᠡᠨ ᠶᠤᠮ᠃ ᠠᠩᠬ᠎ᠠ ᠡᠬᠢᠨ ᠳᠡᠭᠡᠨ ᠲᠤᠰ ᠺᠯᠦ᠋ᠪ ᠨᠢ ᠠᠷᠪᠠᠨ ᠬᠡᠳᠦᠭᠡᠨ ᠲᠠᠮᠢᠷᠴᠢᠨ ᠲᠠᠢ ᠪᠠᠶᠢᠭᠰᠠᠨ ᠠᠴᠠ ᠣᠳᠣ ᠨᠢᠭᠡᠨᠲᠡ 100 ᠭᠠᠷᠤᠶ ᠬᠥᠯ ᠪᠥᠮᠪᠦᠭᠡ ᠶᠢᠨ ᠲᠠᠮᠢᠷᠴᠢᠨ ᠲᠠᠢ ᠡᠩᠨᠡᠭᠡ ᠪᠣᠯᠵᠤ ᠬᠥᠭᠵᠢᠵᠡᠶ᠃ 2014 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠠᠨ ᠤ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠪᠤᠯᠪᠠ᠂ ᠡᠭᠦᠨᠴᠡ ᠦᠪᠦᠷ ᠮᠤᠩᠭᠤᠯ ᠬᠥᠯ ᠪᠥᠮᠪᠦᠭᠡ ᠶᠢᠨ ᠬᠥᠭᠵᠢᠯᠲᠡ ᠶᠢᠨ ᠲᠦᠷᠭᠡᠨ ᠵᠠᠮ ᠢᠶᠠᠷ ᠵᠠᠮᠨᠠᠵᠤ᠂ ᠬᠥᠯ ᠪᠥᠮᠪᠦᠭᠡ ᠶᠢᠨ ᠲᠠᠯᠠᠪᠤᠷ ᠨᠢ ᠥᠪᠥᠷ ᠮᠣᠩᠭᠤᠯ ᠤᠨ ᠪᠥᠬᠦ ᠣᠷᠣᠨ ᠳᠤ ᠣᠳᠣᠨ ᠮᠡᠴᠢᠳ ᠰᠢᠭ ᠲᠦᠭᠡᠵᠦ᠂ ᠬᠥᠯ ᠪᠥᠮᠪᠦᠭᠡ ᠶᠢᠨ ᠤᠷᠤᠯᠳᠤᠭᠠᠨ ᠴᠤ ᠬᠥᠷ ᠬᠥᠭᠵᠢᠶᠡᠨ ᠲᠠᠢ ᠶᠠᠪᠤᠭᠳᠠᠵᠤ᠂ ᠣᠯᠠᠨ ᠠᠷᠪᠢᠨ ᠬᠥᠮᠦᠨ ᠬᠥᠯ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠬᠤ ᠪᠤᠯᠪᠠ᠃ ᠰᠢᠯᠢᠩᠬᠤᠲᠠ ᠶᠢᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠣᠳᠣ ᠪᠣᠯᠲᠠᠯ᠎ᠠ 14 ᠬᠤᠭᠤᠴᠠᠭ᠎ᠠ ᠶᠠᠪᠤᠭᠳᠠᠵᠤ᠂ ᠡᠨᠡ ᠬᠦ ᠰᠢᠷᠢᠰ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ     ︽ᠲᠦᠯᠦ︾ ᠬᠥᠯ ᠪᠥᠮᠪᠦᠭᠡ ᠶᠢᠨ ᠺᠯᠦ᠋ᠪ ᠨᠡᠶᠢᠲᠡ 8 ᠤᠳᠠᠭ᠎ᠠ ᠮᠠᠩᠯᠠᠶᠢᠯᠠᠵᠤ᠂ 5 ᠤᠳᠠᠭ᠎ᠠ ᠳᠡᠳ᠋ᠯᠡᠪᠡ᠃
    ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠺᠯᠦ᠋ᠪ ᠨᠢ 2017 ᠣᠨ ᠤ ᠥᠪᠡᠷᠲᠡᠭᠡᠨ ᠵᠠᠰᠠᠬᠤ ᠣᠷᠣᠨ ᠤ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠤ ᠮᠠᠩᠯᠠᠶ᠂ 2018 — 2019 ᠣᠨ ᠤ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠡᠷᠡᠭᠲᠡᠶ ᠶᠢᠨ 11 ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠤ ᠪᠥᠬᠦ ᠣᠷᠣᠨ ᠤ ᠭᠤᠳᠠᠭᠠᠷ ᠨᠠᠷᠡᠰ᠂ 2019 ᠣᠨ ᠤ ︽ᠤᠮᠠᠷᠠᠲᠤ ᠶᠢᠨ ᠪᠡᠶ᠎ᠡ ᠶᠢᠨ ᠲᠠᠮᠢᠷ ᠤᠨ ᠮᠠᠩᠯᠠᠶ ᠬᠤᠨᠳᠠᠭᠠᠲᠤ︾ ᠪᠥᠬᠦ ᠤᠯᠤᠰ ᠤᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤ ᠲᠦᠷᠦᠭᠦᠦ ᠨᠠᠶ᠋ᠮᠠᠨ ᠨᠡᠷ᠎ᠡ ᠳᠤ ᠲᠤᠰ ᠲᠤᠰ ᠲᠤᠳᠤᠷᠠᠭᠰᠠᠨ ᠪᠦᠭᠡᠳ 2021 ᠣᠨ ᠤ 4 ᠰᠠᠷ᠎ᠠ ᠳᠤ ᠨᠠᠩ ᠴᠤ ᠪᠥᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠤᠯᠠᠨ ᠲᠦᠮᠡᠨᠴᠢ ᠤᠷᠤᠯᠳᠤᠭᠠᠨ ᠤ ᠬᠥᠯ ᠪᠥᠮᠪᠦᠭᠡ ᠶᠢᠨ ᠲᠥᠷᠥᠯ ᠵᠦᠢᠯ ᠤᠨ ᠥᠪᠥᠷ ᠮᠣᠩᠭᠤᠯ ᠤᠨ ᠰᠢᠯᠭᠠᠷᠠᠭᠤᠯᠬᠤ ᠤᠷᠤᠯᠳᠤᠭᠠᠨ ︵ᠬᠥᠳᠡᠭᠡ ᠲᠣᠰᠬᠤᠨ ᠰᠢᠶᠠᠩ ᠪᠠᠯᠭᠠᠰᠤᠨ ᠤ ᠳᠤᠭᠤᠶᠢᠯᠠᠩ︶ ᠳᠤ ᠮᠠᠩᠯᠠᠶᠢᠯᠠᠪᠠ᠃ ᠡᠨᠡ ᠵᠢᠯ ᠤᠨ ᠪᠥᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠤ ᠪᠥᠬᠦ ᠤᠯᠤᠰ ᠤᠨ ᠶᠡᠷᠦᠩᠬᠡᠶ ᠰᠢᠢᠳᠪᠤᠷᠢᠳᠤ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ  ᠤ  ᠬᠥᠯ  ᠪᠥᠮᠪᠦᠭᠡ  ᠶᠢᠨ  ᠺᠯᠦ᠋ᠪ  ᠤᠨ  25  ᠬᠥᠮᠦᠨ  ᠤᠷᠤᠯᠴᠠᠵᠦ  ᠂  ᠮᠠᠩᠯᠠᠢ  ᠰᠢᠭᠦᠷᠦᠭᠰᠡᠨ ᠨᠢ ᠡᠨᠡ ᠪᠢᠯᠡ᠃     ︽ᠠᠷᠠᠳ ᠲᠦᠮᠡᠨ ᠤ ᠬᠥᠯ ᠪᠥᠮᠪᠦᠭᠡ ᠠᠷᠠᠳ ᠲᠦᠮᠡᠨ ᠤ ᠲᠥᠯᠥᠭᠡ᠂ ᠠᠷᠠᠳ ᠲᠦᠮᠡᠨ ᠤ ᠬᠥᠯ ᠪᠥᠮᠪᠦᠭᠡ ᠠᠷᠠᠳ ᠲᠦᠮᠡᠨ ᠳᠤ ᠲᠦᠰᠢᠭᠯᠡᠨ᠎ᠡ︾᠃ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠨ᠂ ᠪᠥᠬᠦ ᠨᠡᠶᠢᠭᠡᠮ ᠤᠨ ᠬᠦᠴᠦᠨ ᠢ ᠲᠥᠪᠯᠡᠷᠡᠭᠦᠯᠤᠨ ᠬᠥᠯ ᠪᠥᠮᠪᠦᠭᠡ ᠶᠢᠨ ᠦᠢᠯᠡᠰ ᠤᠯᠠᠮ ᠠᠴᠠ ᠤᠯᠠᠮ ᠦᠷᠨᠢᠭᠦᠨ ᠭᠦᠭᠵᠢᠯ ᠤᠨ ᠵᠠᠮ ᠢᠶᠠᠷ ᠵᠠᠮᠨᠠᠨ᠎ᠠ᠃     ᠭᠡᠷᠡᠯ ᠵᠢᠷᠤᠭ ᠤᠳ ᠢ ᠢᠤᠢ ᠲᠤᠤ ᠰᠡᠬᠦᠳᠡᠷᠯᠡᠪᠡ
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号