ᠥᠪᠥᠷ ᠮᠣᠩᠭᠤᠯ ᠤᠨ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠤ ᠠᠩᠭᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠰᠢᠯᠢᠳᠡᠭ ᠠᠮᠵᠢᠯᠲᠠ ᠤᠯᠤᠯ᠎ᠠ
ᠨᠡᠶᠢᠲᠡᠯᠡᠭᠰᠡᠨ ᠴᠠᠭ᠄
2021/9/15
    9 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠱᠠᠨᠰᠢ ᠮᠤᠵᠢ ᠶᠢᠨ ᠰᠢ ᠠᠨ ᠬᠤᠳᠠ ᠳᠤ ᠶᠠᠪᠤᠭᠳᠠᠪᠠ᠃ ᠲᠤᠰ ᠤᠳᠠᠭᠠᠨ ᠤ ᠤᠷᠤᠯᠳᠤᠭᠠᠨ ᠳᠤ ᠡᠷᠡᠭᠲᠡᠶ ᠶᠢᠨ ᠬᠤᠪᠢ ᠬᠥᠮᠦᠨ ᠤ ᠤᠷᠤᠯᠳᠤᠭᠠᠨ᠂ ᠡᠮᠡᠭᠲᠡᠶ ᠶᠢᠨ ᠬᠤᠪᠢ ᠬᠥᠮᠦᠨ ᠤ ᠤᠷᠤᠯᠳᠤᠭᠠᠨ ᠭᠡᠬᠦ ᠬᠤᠶᠠᠷ  ᠲᠦᠷᠦᠯ ᠤᠨ ᠤᠷᠤᠯᠳᠤᠭᠠᠨ ᠲᠣᠬᠢᠷᠠᠭᠤᠯᠵᠤ᠂ ᠪᠦᠬᠦ ᠤᠯᠤᠰ ᠤᠨ ᠡᠯ᠎ᠡ ᠮᠤᠵᠢ ᠣᠷᠣᠨ ᠬᠤᠲᠠ ᠶᠢᠨ 17 ᠲᠥᠯᠥᠭᠡᠯᠡᠭᠴᠢᠳ ᠤᠨ ᠠᠩᠭᠢ   ᠶᠢᠨ 72 ᠲᠠᠮᠢᠷᠴᠢᠨ ᠤᠷᠤᠯᠳᠤᠭᠠᠨ ᠳᠤ ᠣᠷᠣᠯᠴᠠᠵᠠᠶ᠃ ᠥᠪᠥᠷ ᠮᠣᠩᠭᠤᠯ ᠤᠨ ᠠᠩᠭᠢ 7 ᠲᠠᠮᠢᠷᠴᠢᠨ ᠲᠣᠮᠢᠯᠠᠨ ᠤᠷᠤᠯᠳᠤᠭᠠᠨ ᠳᠤ ᠤᠷᠤᠯᠴᠠᠭᠤᠯᠵᠦ᠂  ᠮᠠᠨ ᠤ ᠤᠷᠤᠨ ᠤ ᠲᠠᠮᠢᠷᠴᠢᠨ ᠦ᠋ ᠪᠥᠸᠧ ᠴᠧᠨ ᠡᠷᠡᠭᠲᠡᠶ ᠶᠢᠨ ᠬᠤᠪᠢ ᠬᠥᠮᠦᠨ ᠤ ᠤᠷᠤᠯᠳᠤᠭᠠᠨ ᠳᠤ ᠲᠠᠪᠤᠳᠤᠭᠠᠷ ᠲᠤ ᠲᠤᠳᠤᠷᠠᠪᠠ᠃ ᠡᠨᠡ ᠪᠤᠯ ᠣᠶᠢᠷ᠎ᠠ ᠶᠢᠨ ᠭᠤᠷᠪᠠᠨ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠣᠲᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ  ᠳᠠᠬᠢ ᠦᠪᠦᠷ ᠮᠤᠩᠭᠤᠯ ᠤᠨ ᠠᠩᠭᠢ ᠶᠢᠨ ᠬᠠᠮᠤᠭ ᠤᠨ ᠰᠠᠶᠢᠨ ᠬᠢᠷᠢ ᠪᠦᠲᠦᠮᠵᠢ ᠪᠤᠯᠤᠨ᠎ᠡ᠃
    ᠣᠳᠣ ᠦᠶ᠎ᠡ ᠶᠢᠨ ᠲᠠᠪᠤᠨ ᠵᠦᠢᠯ ᠤᠨ ᠤᠷᠤᠯᠳᠤᠭᠠᠨ ᠳᠤ ᠤᠮᠪᠠᠭ᠋ᠤ᠂ ᠰᠡᠯᠡᠮ᠎ᠡ ᠶᠢᠨ ᠲᠡᠮᠡᠴᠡᠭᠡᠨ᠂ ᠮᠣᠷᠢᠨ ᠮᠡᠷᠭᠡᠵᠢᠯ᠂ ᠫᠤᠤᠳᠠᠬᠤ ᠪᠠ ᠭᠦᠶᠦᠬᠦ ᠵᠡᠷᠭᠡ ᠲᠠᠪᠤᠨ ᠵᠦᠢᠯ ᠤᠨ ᠪᠡᠶ᠎ᠡ ᠲᠠᠮᠢᠷ ᠪᠠᠭᠲᠠᠵᠤ ᠪᠠᠶᠢᠳᠠᠭ ᠪᠦᠭᠡᠳ ᠪᠡᠶ᠎ᠡ ᠲᠠᠮᠢᠷ ᠤᠨ ᠴᠢᠳᠠᠪᠤᠷᠢ ᠶᠢᠨ ᠪᠦᠬᠦ ᠲᠠᠯ᠎ᠠ ᠶᠢᠨ ᠰᠢᠯᠭᠠᠯᠲᠠ ᠪᠤᠯᠬᠤ ᠶᠤᠮ᠃
    ᠤᠷᠤᠯᠳᠤᠭᠠᠨ ᠤ ᠲᠠᠷᠠᠭ᠎ᠠ᠂ ᠦ᠋ ᠪᠥᠸᠧ ᠴᠧᠨ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠥᠨᠥᠳᠦᠷ ᠤᠨ ᠤᠷᠤᠯᠳᠤᠭᠠᠨ ᠤ ᠲᠤᠬᠠᠢ ᠶᠡᠷᠦᠩᠬᠡᠢ ᠳᠤᠨᠢ ᠠᠪᠴᠤ ᠬᠡᠯᠡᠪᠡᠯ ᠨᠡᠯᠢᠶᠡᠳ ᠬᠠᠨᠤᠮᠵᠢᠲᠠᠢ ᠪᠠᠶᠢᠨ᠎ᠠ᠂ ᠥᠪᠡᠷ ᠤᠨ ᠬᠡᠪ ᠤᠨ ᠲᠦᠪᠰᠢᠨ ᠢᠶᠠᠨ ᠪᠠᠳᠠᠷᠠᠭᠤᠯᠤᠯ᠎ᠠ᠂ ᠤᠯᠠᠨ ᠵᠢᠯ ᠤᠨ ᠪᠠᠷᠢᠮᠲᠠᠯᠠᠯ ᠪᠠ ᠴᠢᠷᠮᠠᠶᠢᠯᠭ᠎ᠠ ᠨᠠᠮᠠᠶᠢ ᠰᠢᠨ᠎ᠡ ᠲᠠᠪᠰᠢᠯᠳᠠ ᠲᠠᠢ ᠪᠣᠯᠭᠠᠵᠠᠢ᠂ ᠬᠤᠶᠢᠰᠢᠳᠠ ᠪᠢ ᠨᠡᠩ ᠢᠯᠡᠭᠦᠦ ᠴᠢᠷᠮᠠᠶᠢᠵᠤ᠂ ᠥᠪᠥᠷ ᠮᠣᠩᠭᠤᠯ ᠤᠨ ᠠᠩᠬᠢ ᠳᠤ ᠦᠩᠭᠡ ᠭᠡᠷᠡᠯ ᠨᠡᠮᠡᠷᠢᠯᠡᠨ᠎ᠡ︾ ᠭᠡᠵᠦ ᠪᠠᠶᠢᠯ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号