ᠪᠦᠬᠦ ᠤᠯᠤᠰ ᠤᠨ ᠤᠯᠠᠨ ᠤᠯᠤᠰ ᠤᠨ ᠰᠢᠲᠠᠷ᠎ᠠ ᠶᠢᠨ ᠴᠥᠭᠡᠨ ᠲᠣᠭᠠᠲᠤ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠨᠥᠬᠦᠷᠰᠡᠭ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2021/9/2
    8 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ 2021 ᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ  ᠡᠳᠦᠷ︾ ᠤᠨ  ᠪᠥᠬᠦ  ᠤᠯᠤᠰ  ᠤᠨ  ᠣᠯᠠᠨ  ᠤᠯᠤᠰ ᠤᠨ ᠰᠢᠲᠠᠷ᠎ᠠ ᠶᠢᠨ ᠴᠥᠭᠡᠨ ᠲᠣᠭᠠᠲᠤ ᠦᠨᠳᠦᠰᠦᠲᠡᠨ ᠤ ᠵᠠᠯᠠᠭᠤᠴᠤᠳ  ᠪᠠᠭᠠᠴᠤᠳ  ᠤᠨ  ᠰᠦᠯᠵᠢᠶᠡᠨ  ᠤ  ᠨᠥᠬᠦᠷᠰᠡᠭ  ᠤᠷᠤᠯᠳᠤᠭᠠᠨ  ᠰᠦᠯᠵᠢᠶ᠎ᠡ ᠶᠠᠪᠤᠭᠳᠠᠵᠤ᠂ 273 ᠲᠠᠮᠢᠷᠴᠢᠨ ᠤᠷᠤᠯᠳᠤᠭᠠᠨ ᠳᠤ ᠣᠷᠣᠯᠴᠠᠪᠠ᠃     ᠲᠣᠰ ᠤᠳᠠᠭᠠᠨ ᠤ ᠤᠷᠤᠯᠳᠤᠭᠠᠨ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠰᠢᠲᠠᠷ᠎ᠠ ᠶᠢᠨ ᠲᠥᠪ᠂ ᠳᠤᠮᠳᠠᠳᠤ ᠤᠯᠤᠰ ᠤᠨ ᠣᠯᠠᠨ ᠤᠯᠤᠰ ᠤᠨ ᠰᠢᠲᠠᠷ᠎ᠠ ᠶᠢᠨ ᠨᠡᠶᠢᠭᠡᠮᠯᠢᠭ ᠪᠠ ᠥᠪᠥᠷ ᠮᠣᠩᠭᠤᠯ  ᠤᠨ ᠥᠪᠡᠷᠲᠡᠭᠡᠨ ᠵᠠᠰᠠᠬᠤ  ᠣᠷᠣᠨ ᠤ ᠪᠡᠶ᠎ᠡ ᠶᠢᠨ  ᠲᠠᠮᠢᠷ ᠤᠨ  ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠣᠯᠠᠨ ᠤᠯᠤᠰ ᠤᠨ ᠰᠢᠲᠠᠷ᠎ᠠ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠪᠡ  ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠰᠢᠲᠠᠷ᠎ᠠ ᠶᠢᠨ ᠲᠥᠪ ᠤᠨ ᠣᠯᠠᠨ ᠤᠯᠤᠰ ᠤᠨ ᠰᠢᠲᠠᠷ᠎ᠠ ᠶᠢᠨ ᠬᠡᠯᠲᠡᠰ ᠤᠨ ᠡᠷᠬᠢᠯᠡᠭᠴᠢ᠂ ᠳᠤᠮᠳᠠᠳᠤ ᠤᠯᠤᠰ ᠤᠨ ᠣᠯᠠᠨ ᠤᠯᠤᠰ ᠤᠨ ᠰᠢᠲᠠᠷ᠎ᠠ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠲᠢᠶᠠᠨ ᠬᠤᠩ ᠸᠧᠶ ᠠᠴᠠ ᠥᠪᠥᠷ ᠮᠣᠩᠭᠤᠯ ᠤᠨ ᠣᠯᠠᠨ ᠤᠯᠤᠰ ᠤᠨ ᠰᠢᠲᠠᠷ᠎ᠠ ᠶᠢᠨ ᠨᠡᠶᠢᠭᠡᠮᠯᠢᠭ 2016 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠤᠷᠢᠳ ᠬᠤᠵᠢᠳ ︽ᠬᠥᠯᠥᠨ ᠪᠤᠶᠢᠷ ᠬᠤᠨᠳᠠᠭᠠᠲᠤ︾ ᠪᠥᠬᠦ ᠤᠯᠤᠰ ᠤᠨ ᠣᠯᠠᠨ ᠤᠯᠤᠰ ᠤᠨ ᠰᠢᠲᠠᠷ᠎ᠠ ᠶᠢᠨ ᠢᠯᠡ ᠤᠷᠤᠯᠳᠤᠭᠠᠨ᠂ ︽ᠲᠦᠮᠡᠳ ᠬᠤᠨᠳᠠᠭᠠᠲᠤ︾ ᠪᠥᠬᠦ ᠤᠯᠤᠰ ᠤᠨ ᠣᠯᠠᠨ ᠤᠯᠤᠰ ᠤᠨ ᠰᠢᠲᠠᠷ᠎ᠠ ᠶᠢᠨ ᠨᠡᠶᠢᠭᠡᠮᠯᠢᠭ ᠤᠨ ᠶᠡᠭᠡ ᠪᠠᠭᠰᠢ ᠶᠢᠨ ᠤᠷᠤᠯᠳᠤᠭᠠᠨ ᠵᠡᠷᠭᠡ ᠤᠷᠤᠯᠳᠤᠭᠠᠨ ᠢ ᠡᠷᠭᠢᠯᠡᠵᠦ᠂ ᠣᠯᠠᠨ ᠤᠯᠤᠰ ᠤᠨ ᠰᠢᠲᠠᠷ᠎ᠠ ᠶᠢ ᠲᠦᠭᠡᠮᠡᠯᠵᠢᠭᠦᠯᠦᠨ ᠳᠡᠯᠭᠡᠷᠡᠭᠦᠯᠬᠦ ᠠᠵᠢᠯᠯᠠᠭ᠎ᠠ ᠶᠢ ᠪᠠᠷᠢᠮᠲᠠᠯᠠᠨ ᠥᠷᠨᠢᠭᠦᠯᠵᠦ᠂ ᠣᠯᠠᠨ ᠤᠯᠤᠰ ᠤᠨ ᠰᠢᠲᠠᠷ᠎ᠠ ᠶᠢᠨ ᠦᠢᠯᠡᠰ ᠤᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ  ᠭᠡᠵᠦ ᠢᠯᠡᠷᠭᠡᠶᠢᠯᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号