ᠸᠠᠩ ᠯᠢ ᠰᠢᠶᠠ ᠦᠪᠦᠷ ᠮᠤᠩᠭᠤᠯ ᠤᠨ ᠡᠮᠡᠭᠳᠡᠢ ᠶᠢᠨ ᠰᠠᠭᠰᠤᠨ ᠪᠦᠮᠪᠦᠭᠡ ᠶᠢᠨ ᠠᠩᠭᠢ ᠶᠢᠨ ᠲᠠᠮᠢᠷᠴᠢᠳ ᠤᠨ ᠲᠦᠯᠦᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2022/1/6
    1 ᠰᠠᠷ᠎ᠠ ᠶᠢᠨ 4 ᠤ ᠤᠷᠤᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠸᠠᠩ ᠯᠢ ᠰᠢᠶᠠ ᠬᠦᠬᠡᠬᠤᠳᠠ ᠳᠤ WCBA ᠶᠢᠨ ᠰᠢᠢᠳᠪᠦᠷᠢᠳᠦ ᠤᠷᠤᠯᠳᠤᠭᠠᠨ ᠳᠤ ᠲᠠᠬᠢᠨᠳᠠ ᠮᠠᠩᠯᠠᠶᠢᠢᠠᠭᠰᠠᠨ ᠦᠪᠦᠷ ᠮᠤᠩᠭᠤᠯ ᠤᠨ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠡ ᠶᠢᠨ ᠡᠮᠡᠭᠳᠡᠢ ᠶᠢᠨ ᠰᠠᠭᠰᠤᠨ ᠪᠦᠮᠪᠦᠭᠡ ᠶᠢᠨ ᠠᠩᠭᠢ ᠶᠢᠨ ᠲᠠᠮᠢᠷᠴᠢᠳ ᠤᠨ ᠲᠦᠯᠦᠭᠡᠯᠡᠭᠴᠢᠳ ᠲᠠᠢ ᠠᠭᠤᠯᠵᠠᠪᠠ᠃
    ᠸᠠᠩ ᠯᠢ ᠰᠢᠶᠠ ᠪᠠᠶᠠᠷ ᠬᠦᠷᠭᠡᠬᠦ ᠶᠢᠨ ᠬᠠᠮᠳᠦ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠲᠠ ᠨᠠᠷ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠭᠦᠢᠴᠡᠳ ᠪᠠᠳᠠᠷᠠᠭᠤᠯᠵᠤ᠂ ᠤᠷᠤᠯᠳᠤᠭᠠᠨ  ᠳᠤ ᠢᠯᠠᠯᠲᠠ ᠤᠯᠬᠤ ᠪᠠᠷ ᠴᠢᠷᠮᠠᠶᠢᠨ ᠲᠡᠮᠡᠴᠡᠵᠦ᠂ ᠥᠪᠥᠷ ᠮᠣᠩᠭᠤᠯ ᠳᠠᠭᠠᠨ ᠢᠷᠠᠭᠤ ᠠᠯᠳᠠᠷ ᠠᠪᠴᠢᠷᠠᠪᠠ᠂ ᠪᠢ ᠲᠠ ᠨᠠᠷ ᠤᠨ ᠡᠮᠦᠨ᠎ᠡ ᠠᠴᠠ ᠣᠮᠣᠭᠰᠢᠵᠤ ᠪᠠᠶᠢᠨ᠎ᠠ᠂ ᠲᠠ ᠨᠠᠷ ᠤᠨ ᠨᠠᠩ ᠰᠢᠯᠢᠳᠡᠭ ᠬᠢᠷᠢ ᠪᠦᠲᠦᠮᠵᠢ ᠤᠯᠬᠤ ᠶᠢ ᠵᠦᠩᠨᠡᠵᠦ ᠪᠠᠶᠢᠨ᠎ᠡ᠃ ᠲᠠᠨᠠᠷ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠠᠭᠰᠤᠨ ᠪᠥᠮᠪᠦᠭᠡ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠢᠳᠡᠪᠬᠢᠲᠡᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠪᠣᠯᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠡᠷᠡᠭᠦᠯ ᠡᠩᠬᠡ ᠥᠪᠥᠷ ᠮᠣᠩᠭᠤᠯ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号