ᠶᠢᠨ ᠮᠠᠨᠰᠠᠩ ᠲᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠳᠤᠨ ᠳᠤ ᠤᠴᠢᠭᠰᠠᠨ ᠨᠠᠮ ᠤᠨ ᠭᠡᠰᠢᠭᠦᠨ ᠺᠠᠳ᠋ᠷᠴᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠬᠦ ᠶᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/11/25
    11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠨᠢᠭᠡᠴᠡ ᠶᠢ ᠵᠣᠬᠢᠶᠠᠨ ᠪᠠᠶᠢᠭᠤᠯᠵᠤ ᠬᠥᠬᠡᠬᠤᠲᠠ ᠶᠢ ᠤᠯᠠᠮ ᠨᠢᠭᠡ ᠠᠯᠬᠤᠮ ᠬᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠲᠠᠭᠠᠭᠠᠴᠢᠯᠠᠨ ᠬᠠᠷᠢᠯᠴᠠᠬᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠪᠡᠶ᠎ᠡ ᠶᠢᠨ ᠲᠠᠮᠢᠷ ᠤᠨ ᠵᠥᠪᠯᠡᠯ ᠤᠨ ᠨᠡᠶᠢᠭᠡᠮ ᠲᠣᠭᠤᠷᠢᠭ ᠲᠤ ᠤᠴᠢᠭᠰᠠᠨ ᠨᠠᠮ ᠤᠨ ᠭᠡᠰᠢᠭᠦᠨ ᠺᠠᠳ᠋ᠷᠴᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠬᠦ ᠶᠢ ᠵᠢᠯᠣᠭᠤᠳᠪᠠ᠃
      ᠶᠢᠨ ᠮᠠᠨᠰᠠᠩ ᠠᠴᠠ ᠪᠡᠶ᠎ᠡ ᠶᠢᠨ ᠲᠠᠮᠢᠷ ᠤᠨ ᠵᠥᠪᠯᠡᠯ ᠤᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠲᠡᠨᠳᠡ ᠤᠴᠢᠭᠰᠠᠨ ᠨᠠᠮ ᠤᠨ ᠭᠡᠰᠢᠭᠦᠨ ᠺᠠᠳ᠋ᠷᠴᠤᠳ ᠤᠨ ᠣᠳᠣᠬᠠᠨ ᠤ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠣᠯᠣᠨ ᠬᠡᠷᠡᠭᠴᠡᠭᠡ ᠱᠠᠭᠠᠷᠳᠠᠯᠭ᠎ᠠ ᠶᠢ ᠬᠠᠪᠰᠤᠷᠤᠨ ᠰᠢᠢᠳᠪᠦᠷᠢᠯᠡᠵᠦ᠂ ᠤᠯᠠᠨ ᠲᠦᠮᠡᠨ ᠤ ᠠᠵᠢᠯ ᠢ ᠬᠡᠷᠬᠢᠨ ᠨᠡᠩ ᠰᠠᠶᠢᠨ ᠥᠷᠨᠢᠭᠦᠯᠬᠦ ᠶᠢ ᠵᠢᠭᠠᠨ ᠵᠢᠯᠣᠭᠤᠳᠪᠠ᠃ ᠨᠡᠶᠢᠭᠡᠮ ᠲᠣᠭᠤᠷᠢᠭ ᠤᠨ ᠠᠵᠢᠯᠲᠠᠨ ᠪᠠ ᠪᠥᠭᠡᠮ ᠬᠦᠴᠢᠯ ᠤᠨ ᠦᠯᠢᠭᠡᠷ ᠠᠪᠬᠤ ᠬᠥᠮᠥᠰ  ᠤᠨ ᠬᠦᠢᠲᠡᠨ ᠠᠴᠠ ᠰᠡᠷᠭᠡᠶᠢᠯᠡᠬᠦ ᠪᠠ ᠥᠷᠯᠥᠭᠡ ᠶᠢᠨ ᠬᠤᠭᠤᠯᠠᠨ ᠳᠤ ᠬᠦᠴᠢᠷ ᠪᠠᠶᠢᠬᠤ ᠵᠡᠷᠭᠡ ᠬᠦᠴᠢᠷ ᠠᠰᠠᠭᠤᠳᠠᠯ ᠣᠷᠣᠰᠢᠵᠤ ᠪᠠᠶᠢᠬᠤ ᠶᠢ ᠤᠶᠢᠯᠠᠭᠠᠨ᠂ ᠲᠡᠷᠡ ᠳᠠᠷᠤᠢ ᠳᠤᠨᠢ ᠬᠦᠢᠲᠡᠨ ᠠᠴᠠ ᠰᠡᠷᠭᠡᠶᠢᠯᠡᠬᠦ ᠬᠤᠪᠴᠠᠰᠤ ᠬᠤᠨᠠᠷ ᠵᠢᠴᠢ ᠡᠯ᠎ᠡ ᠲᠦᠷᠦᠯ ᠤᠨ ᠢᠳᠡᠭᠡᠨ ᠬᠦᠷᠭᠡᠵᠦ ᠲᠤᠰᠠᠯᠠᠪᠠ᠃     ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠥᠯᠢᠭᠡᠷ ᠠᠪᠬᠤ ᠠᠵᠢᠯᠲᠠᠨ ᠢᠯᠡᠳᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠡᠮᠨᠡᠯᠭᠡ ᠶᠢᠨ ᠬᠤᠷᠢᠶ᠎ᠠ ᠶᠢᠨ 6 ᠡᠮᠴᠢ ᠰᠤᠪᠢᠯᠠᠭᠴᠢ ᠶᠢ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠤ ᠤᠷᠤᠯᠴᠠᠭᠤᠯᠵᠦ᠂ ᠡᠳᠦᠷ ᠪᠦᠷᠢ ᠮᠢᠩᠭ᠎ᠠ ᠭᠠᠷᠤᠢ ᠬᠤᠪᠢ ᠪᠥᠭᠡᠮ ᠬᠦᠴᠢᠯ ᠤᠨ ᠥᠯᠢᠭᠡᠷ ᠠᠪᠬᠤ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠪᠡ᠃
    ᠬᠢᠵᠢᠭ ᠡᠭᠦᠰᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠨᠡᠶᠢᠭᠡᠮ ᠲᠣᠭᠤᠷᠢᠭ ᠤᠨ ᠬᠢᠵᠢᠭ ᠰᠡᠷᠭᠡᠶᠢᠯᠡᠬᠦ ᠠᠵᠢᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠡᠶᠢᠭᠡᠮ ᠲᠣᠭᠤᠷᠢᠭ ᠤᠨ ᠬᠢᠵᠢᠭ ᠰᠡᠷᠭᠡᠶᠢᠯᠡᠬᠦ ᠡᠳ᠋ ᠪᠠᠷᠠᠭ᠎ᠠ ᠲᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠢᠲᠡᠨ ᠠᠴᠠ ᠰᠡᠷᠭᠡᠶᠢᠯᠡᠬᠦ ᠲᠡᠪᠡᠯ᠂ ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠪᠡᠭᠡᠯᠡᠢ᠂ ᠳᠤᠯᠠᠭᠠᠯᠠᠬᠤ ᠱᠠᠬᠠᠢ ᠵᠡᠷᠭᠡ ᠡᠯ᠎ᠡ ᠲᠥᠷᠥᠯ ᠤᠨ ᠡᠳ᠋ ᠪᠣᠳᠠᠰ ᠨᠡᠶᠢᠳᠡ 50000 ᠭᠠᠷᠤᠢ ᠲᠥᠭᠦᠷᠢᠭ ᠲᠤᠰᠠᠯᠠᠪᠠ᠃
      ᠶᠢᠨ ᠮᠠᠨᠰᠠᠩ ᠤᠯᠠᠨ ᠲᠠᠢ ᠳᠣᠲᠣᠨᠣ ᠪᠠᠷ ᠶᠠᠷᠢᠯᠴᠠᠬᠤ ᠳᠤᠮᠳᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠤᠯᠠᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠤᠯᠠᠨ ᠢᠶᠠᠷ ᠢᠶᠠᠨ ᠴᠠᠭ ᠢᠮᠠᠭᠲᠠ ︽ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠬᠥᠪᠴᠢ︾  ᠶᠢ ᠴᠢᠩᠭᠠᠷᠠᠭᠤᠯᠵᠤ᠂ ᠦᠪᠡᠷ ᠤᠨ ᠬᠠᠮᠠᠭᠠᠯᠠᠯᠲᠠ ᠪᠠᠨ ᠴᠢᠩᠭᠠᠳᠬᠠᠵᠤ᠂ ᠠᠵᠢᠯᠯᠠᠵᠤ ᠠᠮᠠᠷᠠᠬᠤ ᠶᠢ ᠤᠶᠠᠯᠳᠤᠭᠤᠯᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠠᠬᠢᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠰᠢ ᠶᠢᠨ ᠫᠢᠩ ᠶᠡᠷᠦᠩᠬᠡᠢ ᠱᠦᠵᠢ ᠶᠢᠨ ᠡᠷᠬᠡᠪᠰᠢ ︽ᠳᠠᠷᠤᠤ ᠪᠣᠯᠭᠤᠮᠵᠢᠲᠠᠢ ᠪᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ︾ ᠱᠠᠭᠠᠷᠳᠠᠯᠭ᠎ᠠ ᠪᠣᠯᠣᠨ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠣᠰᠣᠭᠠᠷ᠂ ᠪᠣᠳᠠᠲᠤ ᠠᠵᠢᠯᠯᠠᠭ᠎ᠠ ᠪᠠᠷ ᠢᠶᠠᠨ ᠪᠡᠶ᠎ᠡ ᠶᠢᠨ ᠲᠠᠮᠢᠷ ᠤᠨ ᠬᠥᠮᠥᠰ ᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ ᠨᠢᠭᠡᠳᠦᠭᠡᠷ ᠹᠷᠣᠨᠲ ᠲᠤ ᠤᠴᠢᠭᠰᠠᠨ ᠨᠠᠮ ᠤᠨ ᠭᠡᠰᠢᠭᠦᠨ ᠺᠠᠳ᠋ᠷᠴᠤᠳ ᠨᠡᠶᠢᠭᠡᠮ ᠲᠣᠭᠤᠷᠢᠭ ᠤᠨ ᠨᠢᠭᠡᠳᠦᠯᠲᠡᠢ ᠬᠠᠮᠢᠶᠠᠷᠤᠯᠲᠠ ᠪᠠ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠳᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ︔ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ︔ ᠡᠳ᠋ ᠪᠣᠳᠠᠰ ᠤᠨ ᠪᠠᠲᠤᠯᠠᠭ᠎ᠠ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠵᠡᠷᠭᠡ ᠭᠤᠣᠯᠳᠠᠯᠭ᠎ᠠ ᠲᠠᠢ ᠵᠠᠩᠭᠢᠯᠠᠭ᠎ᠠ ᠶᠢᠨ ᠠᠵᠢᠯ ᠢ ᠰᠠᠶᠢᠲᠤᠷ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ  ᠳᠤᠨᠢ ᠰᠢᠢᠳᠪᠦᠷᠢᠯᠡᠵᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ ᠪᠠᠨ ᠢᠯᠡ ᠪᠣᠯᠭᠠᠬᠤ ᠶᠢ ᠱᠠᠯᠠᠪᠳᠠᠭᠤᠯᠵᠤ᠂ ᠤᠯᠠᠨ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠤᠯᠠᠨ ᠨᠡᠶᠢᠲᠡ ᠶᠢᠨ ᠡᠷᠡᠭᠡᠯᠵᠡᠭᠡ ᠶᠢ ᠠᠷᠢᠯᠭᠠᠵᠤ᠂ ᠥᠷᠭᠡᠨ ᠤᠯᠠᠨ ᠰᠠᠭᠤᠭᠠᠯᠢ ᠠᠷᠠᠳ ᠢ ᠲᠤᠳᠤᠷ᠎ᠠ ᠪᠠᠨ ᠲᠤᠭ᠎ᠠ ᠲᠠᠢ ᠪᠠᠶᠢᠬᠤ᠂ ᠠᠶᠤᠵᠤ ᠰᠠᠨᠳᠤᠷᠬᠤ ᠦᠭᠡᠢ᠂ ᠵᠣᠪᠠᠭ᠋ᠤ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠳᠠᠮᠵᠢᠭᠤᠯᠬᠤ ᠦᠭᠡᠢ ᠪᠠᠶᠢᠬᠤ ᠶᠢ ᠠᠬᠢᠭᠤᠯᠵᠤ᠂ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠪᠡ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠭᠡᠷ ᠤᠨ ᠬᠠᠷᠢᠭᠤᠴᠠᠯᠭᠠᠲᠠᠨ᠂ ᠠᠵᠢᠯᠲᠠᠨ ᠤ ᠶᠠᠪᠤᠳᠠᠯ ᠤᠨ ᠭᠠᠵᠠᠷ᠂ ᠪᠠᠲᠤᠯᠠᠭ᠎ᠠ ᠶᠢᠨ ᠲᠥᠪ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠭᠠᠵᠠᠷ ᠵᠡᠷᠭᠡ ᠬᠠᠮᠢᠶ᠎ᠠ ᠪᠦᠬᠦᠢ ᠬᠥᠮᠥᠰ ᠪᠠᠷ᠎ᠠ ᠪᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号