ᠮᠠᠨ ᠤ ᠣᠷᠣᠨ ᠤ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠤᠷᠮ᠎ᠠ ᠶᠡᠬᠡᠪᠡᠷ ᠲᠡᠭᠡᠭᠰᠢᠯᠡᠪᠡ
ᠨᠡᠶᠢᠲᠡᠯᠡᠭᠰᠡᠨ ᠴᠠᠭ᠄
2022/12/16
    2022 ᠣᠨ ᠤ 11 ᠰᠠᠷ᠎ᠠ ᠶᠢᠨ 29 ᠤ ᠡᠳᠦᠷ᠂ ᠤᠯᠤᠰ ᠤᠨ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠠᠯᠪᠠᠨ ᠮᠡᠳᠡᠭᠡ︾ ᠶᠢ ᠨᠡᠶᠢᠲᠡᠯᠡᠵᠦ᠂ 2022 ᠣᠨ ᠤ ᠮᠠᠨ ᠤ ᠣᠷᠣᠨ ᠤ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ 89.1% ᠪᠠᠶᠢᠵᠤ᠂ ︽13 · 5︾ ᠶᠢᠨ ᠲᠥᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ    2.1 ᠵᠠᠭᠤᠨ ᠤ ᠨᠢᠭᠡᠴᠢ ᠳᠡᠭᠡᠭᠰᠢᠯᠡᠵᠦ᠂ ︽14 · 5︾ ᠶᠢᠨ ᠲᠥᠯᠦᠪᠵᠢᠭᠦᠯᠭᠡ ᠶᠢᠨ ᠤᠯᠤᠰ ᠠᠷᠠᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ  90% ᠬᠦᠷᠬᠦ ᠬᠠᠷᠠᠯᠲᠠ ᠠᠴᠠ 0.9 ᠵᠠᠭᠤᠨ ᠤ ᠨᠢᠭᠡᠴᠢ ᠯᠡ ᠵᠥᠷᠢᠵᠦ ᠪᠠᠶᠢᠨ᠎ᠠ᠃
    2000 ᠣᠨ ᠠᠴᠠ ᠨᠠᠰᠢ᠂ ᠤᠯᠤᠰ ᠠᠴᠠ ᠲᠠᠪᠤᠨ ᠵᠢᠯ ᠳᠤ ᠨᠢᠭᠡ ᠤᠳᠠᠭ᠎ᠠ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠮᠠᠨ ᠤ ᠤᠯᠤᠰ ᠨᠢᠭᠡᠨᠲᠡ ᠲᠠᠪᠤ ᠤᠳᠠᠭ᠎ᠠ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠡᠭᠦᠷᠭᠡ ᠪᠠᠨ ᠪᠡᠶᠡᠯᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 ︱ 2025 ᠣᠨ︶︾ ︽ᠪᠡᠶ᠎ᠡ ᠮᠠᠬᠠᠪᠤᠳ ᠤᠨ ᠪᠠᠶᠢᠩᠭᠤ ᠶᠢᠨ ᠬᠢᠨᠠᠨ ᠬᠡᠮᠵᠢᠯᠲᠡ ᠶᠢ ᠥᠷᠨᠢᠭᠦᠯᠬᠦ︾ ᠱᠠᠭᠠᠷᠳᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠤᠯᠤᠰ ᠤᠨ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠲᠥᠪ ᠲᠠᠢ ᠢᠳᠡᠪᠬᠢᠲᠡᠢ ᠬᠠᠷᠢᠯᠴᠠᠨ᠂ 2022 ᠣᠨ ᠳᠤ ᠮᠠᠨ ᠤ ᠣᠷᠣᠨ ᠤ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠠᠵᠢᠯ ᠢ ᠪᠡᠶ᠎ᠡ ᠪᠠᠨ ᠳᠠᠭᠠᠭᠠᠵᠤ ᠥᠷᠨᠢᠭᠦᠯᠪᠡ᠃ ᠲᠣᠰ ᠤᠳᠠᠭᠠᠨ ᠤ ᠬᠢᠨᠠᠨ ᠬᠡᠮᠵᠢᠯᠲᠡ ᠳᠤ ᠤᠯᠤᠰ ᠤᠨ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠲᠥᠪ ᠠᠴᠠ ᠠᠵᠢᠯ ᠤᠨ ᠲᠥᠰᠥᠯ ᠲᠣᠭᠲᠠᠭᠠᠵᠤ᠂ ᠬᠢᠨᠠᠨ ᠬᠡᠮᠵᠢᠬᠦ ᠡᠩᠨᠡᠭᠡ ᠶᠢ ᠵᠣᠬᠢᠶᠠᠨ ᠪᠠᠶᠢᠭᠤᠯᠬᠤ᠂ ᠬᠡᠷᠡᠭᠵᠢᠭᠦᠯᠬᠦ ᠶᠠᠪᠤᠴᠠ᠂ ᠬᠢᠨᠠᠨ ᠬᠡᠮᠵᠢᠬᠦ ᠠᠷᠭ᠎ᠠ ᠮᠠᠶ᠋ᠢᠭ᠂ ᠬᠡᠮᠵᠢᠨ ᠲᠤᠷᠰᠢᠬᠤ ᠪᠠᠭᠠᠵᠢ ᠬᠡᠷᠡᠭᠰᠡᠯ ᠵᠡᠷᠭᠡ ᠲᠠᠯ᠎ᠠ ᠪᠠᠷ ᠬᠠᠮᠢᠶ᠎ᠠ ᠪᠦᠬᠦᠢ ᠲᠣᠭᠲᠠᠭᠠᠯ ᠳᠤ ᠪᠦᠷᠢᠮᠦᠰᠦᠨ ᠨᠡᠶᠢᠴᠡᠵᠦ᠂ ᠬᠡᠮᠵᠢᠨ ᠰᠢᠯᠭᠠᠭᠰᠠᠨ ᠲᠤᠭ᠎ᠠ ᠪᠠᠷᠢᠮᠲᠠ ᠶᠢ ᠤᠯᠤᠰ ᠤᠨ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠲᠥᠪ ᠲᠤ ᠬᠤᠷᠢᠶᠠᠩᠭᠤᠶᠢᠯᠠᠬᠤ ᠶᠢᠨ ᠬᠠᠮᠲᠤ ᠲᠡᠭᠦᠨ ᠢᠶᠠᠷ ᠲᠤᠭ᠎ᠠ ᠪᠠᠷᠢᠮᠲᠠ ᠶᠢ ᠵᠠᠳᠠᠯᠤᠨ  ᠰᠢᠨᠵᠢᠯᠡᠬᠦᠯᠦᠨ᠂ ᠬᠡᠮᠵᠢᠨ ᠰᠢᠯᠭᠠᠭᠰᠠᠨ ᠠᠯᠪᠠᠨ ᠮᠡᠳᠡᠭᠡ ᠭᠠᠷᠭᠠᠭᠤᠯᠵᠤ᠂ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠ ᠦᠨᠡᠨ ᠪᠣᠳᠠᠲᠠᠢ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃
    ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠰᠢᠯᠭᠠᠬᠤ ᠠᠵᠢᠯ ᠢ ᠥᠷᠨᠢᠭᠦᠯᠬᠦ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠣᠷᠣᠨ ᠤ ᠠᠷᠠᠳ ᠢᠷᠭᠡᠳ ᠤᠨ ᠪᠡᠶ᠎ᠡ ᠮᠠᠬᠠᠪᠤᠳ ᠤᠨ ᠦᠨᠳᠦᠰᠦᠨ ᠪᠠᠶᠢᠳᠠᠯ ᠪᠣᠯᠣᠨ ᠬᠤᠪᠢᠷᠠᠯᠲᠠ ᠶᠢᠨ ᠵᠢᠮ᠎ᠡ ᠶᠣᠰᠣ ᠶᠢ ᠡᠵᠡᠮᠳᠡᠬᠦ ᠪᠦᠲᠦᠮᠵᠢᠲᠡᠶ ᠠᠷᠭ᠎ᠠ ᠵᠠᠮ ᠪᠣᠯᠬᠤ ᠪᠥᠭᠡᠳ ᠪᠠᠰᠠ ᠴᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥ ᠶᠢᠨ ᠪᠣᠳᠣᠯᠭ᠎ᠠ ᠵᠢᠴᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠣᠭᠲᠠᠭᠠᠬᠤ ᠪᠠ ᠦᠨᠡᠯᠡᠨ ᠵᠢᠱᠢᠬᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠴᠢᠬᠤᠯᠠ ᠲᠤᠭ᠎ᠠ ᠪᠠᠷᠢᠮᠲᠠ ᠶᠢᠨ ᠢᠷᠡᠯᠲᠡ ᠪᠣᠯᠬᠤ ᠪᠥᠭᠡᠳ ᠪᠠᠰᠠ ᠴᠤ ᠮᠠᠨ ᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢᠨ ᠦᠷ᠎ᠡ ᠪᠦᠲᠦᠮᠵᠢ ᠶᠢ ᠰᠢᠯᠭᠠᠬᠤ ︽ᠰᠢᠯᠭᠠᠭᠤᠷ︾ ᠪᠣᠯᠣᠨ᠎ᠠ᠃     ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠪᠦᠲᠦᠮᠵᠢᠲᠡᠶ ᠲᠡᠭᠡᠭᠰᠢᠯᠡᠭᠰᠡᠨ ᠶᠠᠪᠤᠳᠠᠯ ᠪᠣᠯ ᠮᠠᠨ ᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠴᠡᠴᠡᠭᠯᠡᠨ ᠬᠥᠭᠵᠢᠭᠰᠡᠨ ᠤ ᠦᠨᠡᠨ ᠪᠣᠳᠠᠲᠠᠢ ᠵᠢᠷᠤᠭᠯᠠᠯ ᠪᠣᠯᠣᠨ᠎ᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠥᠬᠦᠭᠡᠷᠦᠮᠵᠢ ᠶᠢ ᠦᠷᠭᠡᠳᠬᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠬᠡᠯᠪᠡᠷᠢ ᠶᠢᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠤᠯᠭ᠎ᠠ ᠬᠢᠵᠦ᠂ ︽ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯ ᠰᠠᠶᠢᠨ ᠡᠮᠴᠢ ᠮᠥᠨ︾ ᠭᠡᠬᠦ ᠣᠨᠣᠯᠵᠢᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠣᠯᠠᠨ ᠢᠷᠭᠡᠳ ᠤᠨ ᠪᠡᠶ᠎ᠡ ᠮᠠᠬᠠᠪᠤᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠥᠮᠥᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠣᠷᠣᠯᠠᠭᠤᠯᠵᠤ ᠪᠣᠯᠣᠰᠢ ᠦᠭᠡᠢ ᠴᠢᠬᠤᠯᠠ ᠦᠢᠯᠡᠳᠦᠯ ᠪᠠᠳᠠᠷᠠᠭᠤᠯᠵᠤ᠂ ᠡᠷᠡᠭᠦᠯ ᠡᠩᠬᠡ ᠳᠤᠮᠳᠠᠳᠤ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤ ᠪᠠᠬᠢ ᠰᠠᠭᠤᠷᠢ ᠪᠣᠯᠤᠭᠰᠠᠨ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号