ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶︶ ᠤᠨ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/12/16
    12 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ       ︵ᠥᠷᠭᠡᠳᠬᠡᠭᠰᠡᠨ︶ ᠤᠨ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠮᠠᠨᠰᠠᠩ ᠨᠥᠬᠦᠷ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠤᠷᠢᠨ ᠳᠤ ᠭᠠᠷᠭᠠᠭᠰᠠᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠣᠯᠠᠨ ᠲᠦᠮᠡᠨᠴᠢ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ᠂ ᠰᠢ ᠶᠢᠨ ᠫᠢᠩ  ᠤᠨ ᠪᠡᠶ᠎ᠡ ᠶᠢᠨ ᠲᠠᠮᠢᠷ  ᠤᠨ ᠲᠤᠬᠠᠢ ᠴᠢᠬᠤᠯᠠ ᠥᠭᠦᠯᠡᠯᠲᠡ ᠪᠣᠯᠣᠨ ᠪᠡᠶ᠎ᠡ ᠶᠢᠨ ᠲᠠᠮᠢᠷ  ᠤᠨ ᠠᠵᠢᠯ  ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰᠬᠠᠢ ᠰᠡᠳᠦᠪᠲᠦ ᠨᠠᠮ  ᠤᠨ ᠬᠢᠴᠢᠶᠡᠯ ᠢ ᠤᠷᠤᠪᠠ᠃
   ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠹᠦ᠋ ᠰᠦᠸᠧ ᠭᠧᠨ ᠫᠷᠤᠹᠥᠰᠰᠤᠷ ᠢ ᠤᠷᠢᠵᠤ᠂ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠤᠯᠤᠰ ᠲᠦᠷᠦ ᠶᠢᠨ ᠲᠤᠩᠬᠠᠭ ᠪᠣᠯᠣᠨ ᠠᠵᠢᠯᠯᠠᠭᠠᠨ ᠤ ᠬᠥᠲᠥᠯᠪᠦᠷᠢ ︱ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠬᠢᠯᠭᠡᠪᠡ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠠᠵᠢᠯᠲᠠᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠰᠢᠭᠤᠳ ᠬᠠᠷᠢᠶ᠎ᠠ ᠨᠢᠭᠡᠴᠡ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠤ ᠲᠥᠯᠥᠭᠡᠯᠡᠭᠴᠢ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠨᠡᠶᠢᠲᠡ 280 ᠭᠠᠷᠤᠢ ᠬᠥᠮᠥᠨ ᠰᠤᠷᠤᠯᠴᠠᠯᠭ᠎ᠠ ᠳᠤ ᠣᠷᠣᠯᠴᠠᠵᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号