ᠶᠢᠨ ᠮᠠᠨᠰᠠᠩ ᠪᠤᠭᠤᠳᠤ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠭᠦᠸᠧ ᠮᠢᠩ ᠲᠠᠢ ᠠᠭᠤᠯᠵᠠᠵᠦ ᠰᠠᠨᠠᠯ ᠢᠶᠠᠨ ᠰᠤᠯᠢᠯᠴᠠᠪᠠ
ᠨᠡᠶᠢᠲᠡᠯᠡᠭᠰᠡᠨ ᠴᠠᠭ᠄
2022/4/14
    4 ᠰᠠᠷ᠎ᠠ ᠶᠢᠨ 13  ᠤ ᠡᠳᠦᠷ᠂ ᠶᠢᠨ ᠮᠠᠨᠰᠠᠩ ᠬᠥᠬᠡᠬᠤᠲᠠ ᠳᠤ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠭᠦᠸᠧ ᠮᠢᠩ ᠲᠠᠢ  ᠠᠭᠤᠯᠵᠠᠵᠦ᠂ ᠬᠤᠶᠠᠷ ᠲᠠᠯ᠎ᠠ ᠪᠠᠷ ᠢᠶᠠᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠶᠢ ᠰᠠᠶᠢᠲᠤᠷ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠶᠢᠨ ᠮᠠᠨᠰᠠᠩ ᠠᠴᠠ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠢ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ᠪᠤᠭᠤᠲᠤ ᠬᠤᠳᠠ ᠶᠢᠨ ᠬᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠵᠦ᠂ ᠬᠡᠪ ᠵᠠᠭᠪᠤᠷ ᠤᠨ ᠰᠢᠨ᠎ᠡ ᠶᠢ ᠡᠭᠦᠳᠴᠦ᠂ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠤᠯᠠᠨ ᠲᠦᠮᠡᠨ ᠪᠡᠶ᠎ᠡ ᠪᠠᠨ ᠴᠢᠭᠢᠷᠠᠭᠵᠢᠭᠤᠯᠬᠤ ᠪᠠᠷ ᠬᠠᠮᠢᠭ᠎ᠠ ᠣᠴᠢᠬᠤ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠪᠠᠶᠢᠭ᠎ᠠ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠡᠰ ᠳᠡᠪᠰᠢᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠴᠡᠴᠡᠷᠯᠢᠭ ᠢ ᠦᠨᠡᠨᠬᠦ ᠠᠷᠠᠳ ᠲᠦᠮᠡᠨ ᠳᠤ ᠬᠡᠷᠡᠭᠯᠡᠭᠦᠯᠬᠦ ᠬᠡᠷᠡᠭᠲᠡᠢ ᠭᠡᠪᠡ᠃     ᠶᠢᠨ ᠮᠠᠨᠰᠠᠩ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠳᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠱᠠᠭᠠᠷᠳᠠᠭᠳᠠᠨ᠎ᠠ᠂ ᠪᠡᠶ᠎ᠡ ᠶᠢᠨ ᠲᠠᠮᠢᠷ ᠢᠶᠠᠷ ᠭᠤᠣᠯ ᠴᠣᠭᠴᠠ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠣᠶᠣᠯ ᠢ ᠲᠦᠭᠡᠮᠡᠯᠵᠢᠭᠦᠯᠬᠦ ᠬᠡᠷᠡᠭᠲᠡᠢ᠃ ᠪᠡᠶ᠎ᠡ ᠶᠢᠨ ᠲᠠᠮᠢᠷ ᠤᠨ ᠴᠡᠴᠡᠷᠯᠢᠭ ᠤᠨ ᠰᠢᠨ᠎ᠡ ᠠᠴᠢᠶᠠᠯᠠᠪᠤᠷᠢ ᠪᠠᠷ ᠳᠠᠮᠵᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠢ ᠥᠷᠭᠡᠨ ᠢᠶᠠᠷ ᠲᠡᠳᠡᠨ ᠢᠳᠡᠪᠬᠢᠲᠡᠢ ᠣᠷᠣᠯᠴᠠᠭᠤᠯᠵᠤ᠂ ᠪᠥᠬᠦ ᠠᠷᠠᠳ ᠪᠡᠶ᠎ᠡ ᠴᠢᠭᠢᠷᠠᠭᠵᠢᠭᠤᠯᠬᠤ ᠬᠡᠪ ᠵᠠᠩᠰᠢᠯ ᠲᠠᠢ ᠪᠣᠯᠬᠤ ᠶᠢ ᠠᠬᠢᠭᠤᠯᠤᠨ᠎ᠠ ᠭᠡᠵᠦ ᠵᠢᠭᠠᠵᠦ ᠭᠠᠷᠭᠠᠪᠠ᠃
    ᠰᠦᠨ ᠭᠦᠸᠧ ᠮᠢᠩ ᠠᠴᠠ ᠣᠶᠢᠷ᠎ᠠ ᠶᠢᠨ ᠵᠢᠯ ᠠᠴᠠ ᠪᠤᠭᠤᠲᠤ ᠬᠤᠳᠠ ᠶᠢᠨ ᠴᠢᠨᠠᠷ ᠴᠢᠨᠰᠠᠭ᠎ᠠ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠲᠥᠬᠦᠭᠡᠷᠦᠮᠵᠢ᠂ ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠤᠬᠠᠮᠰᠠᠷ᠂ ᠤᠷᠤᠯᠳᠤᠭᠠᠨ ᠡᠷᠬᠢᠯᠡᠬᠦ ᠲᠦᠪᠰᠢᠨ ᠪᠣᠯᠣᠨ ᠵᠣᠬᠢᠶᠠᠨ ᠪᠠᠶᠢᠭᠤᠯᠬᠤ ᠴᠢᠳᠠᠪᠤᠷᠢ ᠴᠥᠮ ᠲᠤᠶᠢᠯ ᠤᠨ ᠶᠡᠭᠡ ᠪᠠᠷ ᠳᠡᠭᠡᠭᠰᠢᠯᠡᠵᠡᠢ᠃ ᠪᠤᠭᠤᠲᠤ ᠬᠤᠳᠠ ᠶᠢᠨ ᠬᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠠᠷ ᠤᠬᠠᠭᠤᠯᠭ᠎ᠠ ᠶᠢᠨ ᠠᠵᠠ ᠲᠣᠬᠢᠶᠠᠯ ᠪᠣᠯᠭᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢ ᠠᠬᠢᠭᠤᠯᠬᠤ᠂ ᠬᠤᠳᠠ ᠶᠢᠨ ᠳᠦᠷᠢ ᠲᠥᠷᠬᠦ ᠶᠢ  ᠬᠠᠷᠠᠭᠤᠯᠬᠤ᠂ ᠠᠷᠠᠳ ᠲᠦᠮᠡᠨ ᠤ ᠪᠡᠶ᠎ᠡ ᠮᠠᠬᠠᠪᠤᠳ ᠢ ᠴᠢᠭᠢᠷᠠᠭᠵᠢᠭᠤᠯᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠪᠦᠬᠦ ᠠᠷᠠᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠠᠭᠤᠰᠤᠯᠴᠠᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠬᠤ᠋ ᠴᠧᠩ᠂ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠭᠠᠵᠠᠷ ᠤᠨ ᠬᠠᠷᠢᠭᠤᠴᠠᠯᠭᠠᠲᠠᠨ᠂ ᠪᠤᠭᠤᠲᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠪᠠᠷ᠎ᠠ ᠪᠣᠯᠵᠤ ᠠᠭᠤᠯᠵᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号