ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠦᠷᠨᠢᠭᠦᠯᠪᠡ
ᠨᠡᠶᠢᠲᠡᠯᠡᠭᠰᠡᠨ ᠴᠠᠭ᠄
2022/4/6
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠬᠦ ᠲᠤᠬᠠᠢ ᠲᠣᠬᠢᠷᠠᠭᠤᠯᠤᠯᠲᠠ ᠶᠣᠰᠣᠭᠠᠷ᠂ 4 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠸᠦ᠂ ᠵᠠᠩ ᡁᠢ᠂ ᠯᠢᠦ ᠬᠤ᠋ ᠴᠧᠩ ᠨᠡᠷ ︽ᠳᠤᠭᠤᠶᠢᠯᠠᠩ ᠬᠤᠪᠢᠶᠠᠵᠤ ᠬᠡᠰᠡᠭ ᠬᠤᠪᠢᠶᠠᠬᠤ︾ ᠠᠷᠭ᠎ᠠ ᠮᠠᠶ᠋ᠢᠭ ᠢᠶᠠᠷ ᠲᠣᠰ ᠲᠣᠰ ᠪᠠᠶᠢᠴᠠᠭᠠᠬᠤ ᠳᠤᠭᠤᠶᠢᠯᠠᠩ ᠳᠠᠭᠠᠭᠤᠯᠤᠨ ᠲᠣᠪᠴᠢᠶ᠎ᠠ ᠶᠢᠨ ᠰᠢᠰᠲ᠋ᠧᠮ ᠳᠤ ᠪᠥᠬᠦ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ᠃
    ᠪᠠᠶᠢᠴᠠᠭᠠᠬᠤ ᠳᠤᠭᠤᠶᠢᠯᠠᠩ   ᠠᠴᠠ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠨ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠤᠯᠤᠰ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠰᠲ᠋ᠧᠮ ᠲᠠᠢ ᠲᠤᠤᠱᠯᠠᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ  ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠤᠳᠤᠷᠢᠳᠤᠯᠭ᠎ᠠ᠂ ᠬᠠᠷᠢᠭᠤᠴᠠᠯᠭᠠᠲᠠᠨ ᠪᠠ ᠪᠡᠶᠡᠯᠡᠭᠦᠯᠬᠦ ᠬᠤᠭᠤᠴᠠᠭ᠎ᠠ ᠶᠢ ᠲᠣᠭᠲᠠᠭᠠᠨ᠂ ᠡᠷᠬᠡᠪᠰᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
    ᠪᠠᠶᠢᠴᠠᠭᠠᠬᠤ ᠳᠤᠭᠤᠶᠢᠯᠠᠩ ᠠᠴᠠ ᠡᠯ᠎ᠡ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ  ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠨᠠᠷᠢᠨ ᠨᠠᠶᠢᠳᠠᠪᠤᠷᠢᠵᠢᠭᠤᠯᠵᠤ᠂ ᠪᠣᠳᠠᠲᠠᠢ ᠨᠠᠶᠢᠳᠠᠪᠤᠷᠢᠵᠢᠭᠤᠯᠵᠤ᠂ ᠥᠴᠥᠬᠡᠨ ᠴᠦ ᠴᠠᠯᠠᠭᠠᠶᠢᠷᠠᠬᠤ᠂ ᠮᠢᠨᠴᠦᠭᠦᠷᠡᠨ ᠲᠠᠶᠢᠪᠤᠰᠢᠷᠠᠬᠤ ᠪᠠ ᠬᠥᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ᠃ ᠲᠣᠰ ᠤᠳᠠᠭᠠᠨ ᠤ ᠠᠮᠤᠷ ᠲᠦᠪᠰᠢᠨ ᠤ ᠬᠡᠮ ᠰᠣᠭᠤᠭ ᠢ  ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢᠶᠠᠷ ᠲᠣᠬᠢᠶᠠᠯ ᠪᠣᠯᠭᠠᠵᠤ᠂ ᠡᠯ᠎ᠡ ᠲᠥᠷᠥᠯ ᠤᠨ ᠠᠳᠡᠯ ᠤᠨ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号