ᠵᠠᠩ ᡁᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠨᠡᠶᠢᠭᠡᠮᠯᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/17
   6 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠵᠠᠩ ᡁᠢ ᠥᠪᠥᠷ ᠮᠣᠩᠭᠤᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠨᠡᠶᠢᠭᠡᠮᠯᠢᠭ ᠲᠤ ᠬᠦᠷᠴᠦ ᠪᠠᠶᠢᠴᠠᠭᠠᠨ ᠰᠤᠳᠤᠯᠤᠯᠳᠠ ᠬᠢᠪᠠ᠃     ᠵᠠᠩ ᡁᠢ ᠨᠡᠶᠢᠭᠡᠮᠯᠢᠭ ᠤᠨ ᠬᠥᠭᠵᠢᠯᠲᠡ ᠶᠢᠨ ᠪᠠᠶᠢᠳᠠᠯ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠪᠠ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠨᠡᠶᠢᠭᠡᠮᠯᠢᠭ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃     ᠵᠠᠩ ᡁᠢ ᠬᠡᠯᠡᠬᠦ ᠳᠡᠭᠡᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠪᠣᠯ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠬᠦᠴᠦᠨ ᠮᠥᠨ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠥᠪᠥᠷ ᠮᠣᠩᠭᠤᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠨᠡᠶᠢᠭᠡᠮᠯᠢᠭ ᠨᠢ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠵᠢᠭᠠᠨ ᠵᠢᠯᠣᠭᠤᠳᠤᠭᠴᠢ ᠶᠢᠨ ᠡᠷᠬᠡ ᠠᠰᠢᠭ ᠢ ᠪᠠᠲᠤᠯᠠᠬᠤ ᠳᠤ ᠦᠢᠯᠡᠴᠢᠯᠡᠬᠦ ᠴᠢᠬᠤᠯᠠ ᠲᠠᠪᠴᠠᠩ ᠪᠣᠯᠤᠭᠰᠠᠨ ᠤ ᠬᠤᠪᠢ ᠳᠤ᠂ ᠳᠦᠷᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠠᠵᠢᠯ ᠲᠥᠷᠥᠯ ᠤᠨ ᠨᠡᠶᠢᠭᠡᠮᠯᠢᠭ ᠤᠨ ᠬᠠᠷᠢᠴᠠᠭ᠎ᠠ ᠪᠠᠨ ᠰᠠᠯᠭᠠᠬᠤ ᠥᠭᠡᠷᠡᠴᠢᠯᠡᠯᠲᠡ ᠶᠢᠨ ᠳᠠᠷᠠᠭᠠᠬᠢ ᠬᠠᠮᠢᠶ᠎ᠠ ᠪᠦᠬᠦᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠵᠢᠯᠤᠭᠤᠳᠬᠤ᠂ ᠵᠣᠬᠢᠶᠠᠨ ᠪᠠᠶᠢᠭᠤᠯᠵᠤ ᠬᠠᠮᠢᠶᠠᠷᠬᠤ ᠶᠢ ᠵᠢᠯᠤᠭᠤᠳᠬᠤ ᠴᠢᠨᠠᠷᠲᠠᠢ ᠰᠠᠨᠠᠯ᠂ ᠲᠥᠰᠥᠯ ᠵᠡᠷᠭᠡ ᠶᠢ ᠰᠤᠳᠤᠯᠤᠨ ᠲᠣᠭᠲᠠᠭᠠᠬᠤ ᠬᠡᠷᠡᠭᠲᠡᠢ︔ ᠲᠥᠷᠥᠯ ᠵᠦᠢᠯ ᠤᠨ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠲᠦᠭᠡᠮᠡᠯᠵᠢᠭᠦᠯᠬᠦ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠠᠮᠢᠵᠢᠷᠠᠯ ᠤᠨ ᠬᠦᠴᠦᠨ ᠪᠠ ᠬᠠᠯᠠᠭᠤᠨ ᠰᠡᠳᠬᠢᠯᠭᠡ ᠶᠢ ᠬᠥᠭᠵᠢᠭᠡᠵᠦ᠂ ᠥᠷᠭᠡᠨ ᠣᠯᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠳᠠᠶᠢᠴᠢᠯᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠳᠤ ᠣᠷᠣᠯᠴᠠᠭᠤᠯᠬᠤ ᠬᠡᠷᠡᠭᠲᠡᠢ︔ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠠᠵᠢᠯ ᠢᠶᠠᠨ ᠥᠷᠨᠢᠭᠦᠯᠬᠦ ᠳᠤ ᠴᠢᠬᠤᠯᠠ ᠪᠦᠬᠦᠢ ᠨᠥᠬᠦᠴᠡᠯ ᠢ ᠡᠭᠦᠳᠦᠨ ᠥᠭᠴᠦ᠂ ᠨᠡᠶᠢᠭᠡᠮᠯᠢᠭ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠭᠡᠳ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠬᠤᠭᠤᠷᠣᠨᠳᠣᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠨᠡᠶᠢᠭᠡᠮᠯᠢᠭ ᠢ     ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠭᠡᠷ︾ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ᠂ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号