ᠮᠠᠨ ᠤ ᠣᠷᠣᠨ ᠤ ᠤᠮᠪᠠᠯᠲᠠ ᠶᠢᠨ ᠪᠢᠴᠢᠬᠠᠨ ᠲᠠᠮᠢᠷᠴᠢᠨ ᠨᠢᠦ ᠭᠤᠸᠠᠩ ᠱᠧᠩ ᠠᠷᠪᠠ ᠶᠢᠰᠦᠳᠦᠭᠡᠷ ᠬᠤᠭᠤᠴᠠᠭᠠᠨ ᠤ ᠳᠡᠯᠡᠬᠡᠢ ᠶᠢᠨ ᠤᠮᠪᠠᠯᠲᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠰᠢᠨ᠎ᠡ ᠠᠮᠵᠢᠯᠳᠠ ᠶᠢ ᠪᠢᠴᠢᠭᠯᠡᠪᠡ
ᠨᠡᠶᠢᠲᠡᠯᠡᠭᠰᠡᠨ ᠴᠠᠭ᠄
2022/6/22
   ᠠᠷᠪᠠ ᠶᠢᠰᠦᠳᠦᠭᠡᠷ ᠬᠤᠭᠤᠴᠠᠭᠠᠨ ᠤ ᠳᠡᠯᠡᠬᠡᠢ ᠶᠢᠨ ᠤᠮᠪᠠᠯᠲᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 6 ᠰᠠᠷ᠎ᠠ ᠶᠢᠨ 18 ᠤ ᠡᠳᠦᠷ ᠠᠴᠠ 25 ᠤ ᠡᠳᠦᠷ ᠪᠣᠯᠲᠠᠯ᠎ᠠ ᠬᠠᠩᠭᠠᠷᠢ ᠤᠯᠤᠰ ᠲᠤ ᠶᠠᠪᠤᠭᠳᠠᠵᠤ᠂ ᠳᠤᠮᠳᠠᠳᠤ ᠤᠯᠤᠰ ᠤᠨ ᠪᠠᠭ 45 ᠲᠠᠮᠢᠷᠴᠢᠨ ᠲᠣᠮᠢᠯᠠᠨ ᠲᠤᠰ ᠬᠤᠭᠤᠴᠠᠭᠠᠨ ᠤ ᠳᠡᠯᠡᠬᠡᠢ ᠶᠢᠨ ᠮᠠᠩᠯᠠᠢ ᠰᠢᠯᠭᠠᠷᠠᠭᠤᠯᠬᠤ  ᠤᠷᠤᠯᠳᠤᠭᠠᠨ ᠳᠤ  ᠤᠷᠤᠯᠴᠪᠠ᠂ ᠡᠭᠦᠨ ᠳᠤ 22 ᠡᠷᠡᠭᠲᠡᠢ ᠲᠠᠮᠢᠷᠴᠢᠨ᠂ 23 ᠡᠮᠡᠭᠲᠡᠢ ᠲᠠᠮᠢᠷᠴᠢᠨ ᠪᠤᠶ᠃ ᠥᠪᠥᠷ ᠮᠣᠩᠭᠤᠯ ᠤᠨ ᠤᠮᠪᠠᠯᠲᠠ ᠶᠢᠨ ᠪᠠᠭ ᠤᠨ ᠲᠠᠮᠢᠷᠴᠢᠨ ᠨᠢᠦ ᠭᠤᠸᠠᠩ ᠱᠧᠩ 2021 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠳᠤ ᠳᠡᠯᠡᠬᠡᠢ ᠶᠢᠨ ᠮᠠᠩᠯᠠᠢ ᠰᠢᠯᠭᠠᠷᠠᠭᠤᠯᠬᠤ  ᠤᠷᠤᠯᠳᠤᠭᠠᠨ  ᠤ  A  ᠮᠠᠩᠯᠠᠢ  ᠰᠢᠯᠭᠠᠷᠠᠭᠤᠯᠬᠤ  ᠤᠷᠤᠯᠳᠤᠭᠠᠨ ᠳᠤ  ᠣᠷᠤᠯᠴᠠᠬᠤ  ᠬᠢᠷᠢ ᠬᠡᠮ  ᠢ ᠤᠯᠵᠦ᠂ ᠤᠯᠤᠰ ᠤᠨ ᠪᠠᠭ ᠢ ᠳᠠᠭᠠᠵᠤ ᠲᠤᠰ ᠤᠳᠠᠭᠠᠨ ᠤ ᠡᠷᠡᠭᠲᠡᠢ ᠶᠢᠨ 200 ᠮᠧᠲᠷ ᠤᠨ ᠡᠷᠪᠡᠬᠡᠢ ᠤᠮᠪᠠᠯᠲᠠ ᠶᠢᠨ ᠤᠷᠤᠯᠳᠤᠭᠠᠨ ᠳᠤ ᠣᠷᠣᠯᠴᠠᠨ᠎ᠠ᠂ ᠡᠨᠡ ᠪᠣᠯ ᠪᠢᠴᠢᠬᠠᠨ ᠲᠠᠮᠢᠷᠴᠢᠨ ᠨᠢᠦ ᠭᠤᠸᠠᠩ ᠱᠧᠩ ᠠᠩᠬ᠎ᠠ ᠤᠳᠠᠭ᠎ᠠ ᠣᠯᠠᠨ ᠤᠯᠤᠰ ᠤᠨ ᠤᠷᠤᠯᠳᠤᠭᠠᠨ ᠳᠤ ᠤᠷᠤᠯᠴᠠᠵᠦ ᠪᠠᠶᠢᠭ᠎ᠠ ᠶᠠᠪᠤᠳᠠᠯ ᠪᠣᠯᠬᠤ ᠪᠥᠭᠡᠳ ᠪᠠᠰᠠ ᠴᠤ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠠᠩᠬᠠᠳᠠᠭᠴᠢ ᠤᠮᠪᠠᠯᠲᠠ ᠶᠢᠨ ᠤᠷᠤᠯᠳᠤᠭᠠᠨ ᠤ ᠲᠠᠮᠢᠷᠴᠢᠨ ᠪᠣᠯᠣᠨ᠎ᠠ᠃
     ᠤᠷᠤᠯᠳᠤᠭᠠᠨ ᠡᠬᠢᠯᠡᠭᠰᠡᠨ ᠭᠤᠷᠪᠠᠳᠤᠭᠠᠷ ᠡᠳᠦᠷ ᠲᠤ᠂ ᠨᠢᠦ ᠭᠤᠸᠠᠩ ᠱᠧᠩ ᠡᠷᠡᠭᠲᠡᠢ ᠶᠢᠨ 200 ᠮᠧᠲᠷ ᠤᠨ ᠡᠷᠪᠡᠬᠡᠢ ᠤᠮᠪᠠᠯᠲᠠ ᠶᠢᠨ ᠪᠡᠯᠡᠳᠬᠡᠯ ᠤᠷᠤᠯᠳᠤᠭᠠᠨ ᠳᠤ ᠣᠷᠣᠯᠴᠠᠵᠤ᠂ 1 ᠮᠢᠨᠦ᠋ᠲ 56 ᠰᠧᠺᠦ᠋ᠨ᠋ᠳ᠋ 48 ᠶᠢᠨ ᠬᠢᠷᠢ ᠪᠦᠲᠦᠮᠵᠢ ᠪᠠᠷ 13 ᠳ᠋ᠤᠭᠠᠷ ᠲᠤ ᠵᠢᠭᠰᠠᠭᠠᠭᠳᠠᠵᠤ᠂ ᠬᠠᠭᠠᠰ ᠰᠢᠢᠳᠪᠦᠷᠢᠲᠦ ᠤᠷᠤᠯᠳᠤᠭᠠᠨ ᠳᠤ 1 ᠮᠢᠨᠦ᠋ᠲ 55 ᠰᠧᠺᠦ᠋ᠨ᠋ᠳ᠋ 27 ᠪᠠᠷ ᠬᠤᠪᠢ ᠬᠥᠮᠥᠨ ᠤ ᠬᠠᠮᠤᠭ ᠤᠨ ᠰᠠᠶᠢᠨ ᠬᠢᠷᠢ ᠪᠦᠲᠦᠮᠵᠢ ᠪᠠᠨ ᠰᠢᠨᠡᠳᠬᠡᠵᠦ᠂ 10 ᠳ᠋ᠤᠭᠠᠷ ᠲᠤ ᠵᠢᠭᠰᠠᠭᠠᠭᠳᠠᠵᠠᠢ᠂ ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠪᠠᠯᠲᠠ ᠶᠢᠨ ᠲᠥᠷᠥᠯ ᠵᠦᠢᠯ ᠣᠲᠣ ᠪᠣᠯᠲᠠᠯ᠎ᠠ ᠣᠯᠠᠨ ᠤᠯᠤᠰ ᠤᠨ ᠤᠷᠤᠯᠳᠤᠭᠠᠨ ᠤ ᠲᠠᠯᠠᠪᠤᠷ ᠲᠤ ᠣᠯᠣᠭᠰᠠᠨ ᠬᠠᠮᠤᠭ ᠤᠨ ᠰᠠᠶᠢᠨ ᠬᠢᠷᠢ ᠪᠦᠲᠦᠮᠵᠢ ᠪᠣᠯᠣᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号