ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ ᠨᠠᠮ ᠤᠨ ᠤᠳᠤᠷᠢᠳᠬᠤ ᠲᠤᠭᠤᠶᠢᠯᠠᠠᠩ ᠤᠨ ᠬᠤᠷᠠᠯ ᠬᠤᠷᠠᠯᠳᠤᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠳᠥᠴᠢᠳᠦᠭᠡᠷ ᠤᠳᠠᠭᠠᠨ ᠤ ᠬᠠᠮᠳᠦ ᠶᠢᠨ ᠰᠤᠷᠤᠯᠴᠠᠯᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/6/24
    6 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠳᠥᠴᠢᠳᠦᠭᠡᠷ ᠤᠳᠠᠭᠠᠨ ᠤ ᠬᠠᠮᠳᠦ ᠶᠢᠨ ᠰᠤᠷᠤᠯᠴᠠᠯᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠪᠠᠶᠢᠳᠠᠯ ᠤᠨ ᠳᠣᠣᠷᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠬᠤᠶᠠᠷ ᠲᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ︔ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠬᠢᠨ ᠳᠠᠪᠲᠠᠨ ᠡᠭᠦᠰᠴᠦ ᠪᠠᠶᠢᠭ᠎ᠠ ᠬᠠᠭᠤᠴᠢᠨ ᠠᠰᠠᠭᠤᠳᠠᠯ ᠢ ᠴᠢᠩᠭ᠎ᠠ ᠠᠩᠬᠠᠷᠴᠤ᠂ ᠡᠯ᠎ᠡ ᠬᠦᠷᠢᠶᠡᠨ ᠤ ᠢᠯᠵᠢᠷᠡᠯ ᠢ ᠡᠰᠡᠷᠭᠦᠴᠡᠬᠦ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠠᠰᠠᠭᠤᠳᠠᠯ ᠤᠨ ᠡᠭᠦᠰᠦᠨ ᠳᠡᠯᠭᠡᠷᠡᠬᠦ ᠶᠢ ᠬᠤᠷᠢᠭᠯᠠᠬᠤ ᠬᠡᠷᠡᠭᠲᠡᠢ︔ ᠳᠥᠷᠪᠡ ᠳᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠡᠳᠦᠷ ᠳᠤᠳᠤᠮ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠢ ᠨᠠᠮᠴᠢ ᠴᠢᠨᠠᠷ ᠤᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠷᠢᠭᠤᠨ ᠴᠢᠬᠡᠴᠢ ᠰᠣᠶᠣᠯ ᠢᠶᠠᠷ ᠪᠡᠶ᠎ᠡ ᠰᠡᠳᠬᠢᠯ ᠢᠶᠠᠨ ᠲᠡᠵᠢᠭᠡᠬᠦ ᠬᠡᠷᠡᠭᠲᠡᠢ︔ ᠲᠠᠪᠤ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠳᠤᠷᠢᠳᠬᠤ ᠺᠠᠳ᠋ᠷ ᠥᠪᠡᠷ ᠤᠨ ᠪᠡᠶ᠎ᠡ ᠪᠠᠨ ᠰᠠᠶᠢᠲᠤᠷ ᠬᠠᠮᠢᠶᠠᠷᠴᠤ᠂ ᠭᠡᠷ ᠤᠨ ᠬᠥᠮᠥᠰ ᠲᠦᠷᠦᠯ ᠰᠠᠳᠤᠨ ᠢᠶᠠᠨ ᠰᠠᠶᠢᠲᠤᠷ ᠬᠠᠮᠢᠶᠠᠷᠴᠤ᠂ ᠳᠡᠷᠭᠡᠳᠡᠬᠢ ᠬᠥᠮᠥᠨ ᠳᠡᠷᠭᠡᠳᠡᠬᠢ ᠶᠠᠪᠤᠳᠠᠯ ᠢᠶᠠᠨ ᠰᠠᠶᠢᠲᠤᠷ ᠬᠠᠮᠢᠶᠠᠷᠴᠤ᠂ ᠭᠤᠣᠯᠯᠠᠨ ᠬᠠᠮᠢᠶᠠᠷᠴᠤ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠬᠡᠪ ᠰᠤᠷᠲᠠᠯ ᠢ ᠰᠠᠶᠢᠲᠤᠷ ᠬᠠᠮᠢᠶᠠᠷᠴᠤ᠂ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠵᠢᠯ ᠤᠨ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠶᠢᠩᠭᠤ ᠶᠢᠨ ᠬᠢᠨᠠᠯᠲᠠ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ  ᠭᠡᠪᠡ᠃     ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠤᠳᠤᠷᠢᠳᠬᠤ ᠺᠠᠳ᠋ᠷ ᠤᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ ᠨᠦᠬᠦᠷ ᠤᠨ ᠬᠤᠳᠠᠯᠳᠤᠭ᠎ᠠ ᠡᠷᠭᠢᠯᠡᠵᠦ ᠠᠵᠤ ᠠᠬᠤᠶᠢᠯᠠᠯ ᠡᠷᠬᠢᠯᠡᠬᠦ ᠲᠤᠬᠠᠢ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠭᠠᠮᠵᠢ ᠠᠪᠴᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ︽ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠠᠢ ᠮᠢᠨ᠂ ᠪᠠᠶᠢᠭᠤᠯᠤᠯᠭ᠎ᠠ ᠶᠢᠨ ᠡᠯ᠎ᠡ ᠭᠠᠵᠠᠷ ᠭᠡᠷ᠂ ᠡᠯ᠎ᠡ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号