ᠦᠰᠦᠭ ᠪᠢᠴᠢᠭ ᠤᠨ ᠲᠡᠶᠢᠯᠦᠮᠵᠢ᠄ ᠰᠤᠷᠭᠠᠨ ᠬᠥᠮᠦᠵᠢᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ︽ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠬᠤ ᠠᠵᠢᠯ ᠤᠨ ᠲᠥᠰᠥᠯ ︵2022 ︱ 2024 ᠣᠨ︶︾
ᠨᠡᠶᠢᠲᠡᠯᠡᠭᠰᠡᠨ ᠴᠠᠭ᠄
2022/6/27
    6 ᠰᠠᠷ᠎ᠠ ᠶᠢᠨ 1 ᠤ ᠡᠳᠦᠷ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠬᠠᠮᠲᠤᠷᠠᠨ ᠰᠤᠳᠤᠯᠤᠨ ᠲᠣᠭᠲᠠᠭᠠᠭᠰᠠᠨ ︽ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠬᠤ ᠠᠵᠢᠯ ᠤᠨ ᠲᠥᠰᠥᠯ ︵2022 ︱ 2024 ᠣᠨ︶︾ ᠢ ᠨᠡᠶᠢᠲᠡᠯᠡᠪᠡ᠃ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠪᠣᠯ ᠮᠠᠨ ᠤ ᠤᠯᠤᠰ ᠤᠨ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ᠂ ᠤᠷᠤᠯᠳᠤᠭᠠᠨ ᠤ ᠬᠢᠷᠢ ᠬᠡᠮᠵᠢᠶ᠎ᠡ ᠪᠠᠷ ᠬᠠᠮᠤᠭ ᠤᠨ ᠥᠨᠳᠥᠷ᠂ ᠣᠷᠣᠯᠴᠠᠭᠰᠠᠨ ᠬᠥᠮᠥᠨ ᠤ ᠲᠤᠭ᠎ᠠ ᠪᠠᠷ ᠬᠠᠮᠤᠭ ᠤᠨ ᠣᠯᠠᠨ᠂ ᠨᠡᠶᠢᠭᠡᠮ ᠤᠨ ᠨᠥᠯᠥᠭᠡ ᠪᠠᠷ ᠬᠠᠮᠤᠭ ᠤᠨ ᠶᠡᠭᠡ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠬᠤᠯᠪᠤᠭᠠᠳᠦ ᠤᠷᠤᠯᠳᠤᠭᠠᠨ ᠪᠤᠯᠤᠨ᠎ᠡ᠃ ᠲᠣᠰ ᠤᠷᠤᠯᠳᠤᠭᠠᠨ ᠢ ᠡᠷᠭᠢᠯᠡᠬᠦ ᠪᠣᠯ ︽ᠳᠤᠮᠳᠠᠳᠤ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠲᠥᠰᠥᠯ︾ ᠪᠠ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠬᠤ ᠠᠵᠢᠯ ᠤᠨ ᠲᠥᠰᠥᠯ ᠳᠣᠣᠷᠠᠬᠢ ᠮᠡᠲᠦ᠄     01 ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠪᠠᠶᠢᠷᠢ ᠲᠣᠭᠲᠠᠭᠠᠯᠲᠠ     ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠪᠣᠯ ︽ᠶᠡᠷᠦᠩᠬᠡᠢ ᠲᠥᠰᠥᠯ︾ ᠢ ᠨᠠᠶᠢᠳᠠᠪᠤᠷᠢᠵᠢᠭᠤᠯᠬᠤ ᠪᠠ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠱᠠᠭᠠᠷᠳᠠᠯᠭ᠎ᠠ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠮᠥᠨ ᠠᠮᠠ ᠶᠢ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠦᠬᠦ ᠲᠠᠯ᠎ᠠ ᠪᠠᠷ ᠬᠥᠭᠵᠢᠭᠰᠡᠨ ᠰᠢᠯᠢᠳᠡᠭ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠠᠪᠤᠳᠠᠯ ᠪᠤᠯᠤᠨ᠎ᠡ᠃ ᠮᠠᠨ ᠤ ᠤᠯᠤᠰ ᠤᠨ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ᠂ ᠣᠷᠣᠯᠴᠠᠭᠰᠠᠨ ᠬᠥᠮᠥᠨ ᠤ ᠲᠤᠭ᠎ᠠ ᠪᠠᠷ ᠬᠠᠮᠤᠭ ᠤᠨ ᠤᠯᠠᠨ᠂ ᠤᠷᠤᠯᠳᠤᠭᠠᠨ ᠤ ᠲᠦᠪᠰᠢᠨ ᠢᠶᠠᠷ ᠬᠠᠮᠤᠭ ᠤᠨ ᠥᠨᠳᠥᠷ᠂ ᠨᠡᠶᠢᠭᠡᠮ ᠤᠨ ᠨᠥᠯᠥᠭᠡᠯᠡᠬᠦ ᠬᠦᠴᠦᠨ ᠢᠶᠠᠷ ᠬᠠᠮᠤᠭ ᠤᠨ ᠶᠡᠭᠡ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠲᠡᠷᠢᠭᠦᠨ ᠲᠡᠰ ᠤᠨ ᠤᠷᠤᠯᠳᠤᠭᠠᠨ ᠪᠣᠯᠣᠨ᠎ᠠ᠂ ᠤᠷᠤᠯᠳᠤᠭᠠᠨ ᠤ ᠴᠠᠭ᠂ ᠤᠷᠤᠯᠳᠤᠭᠠᠨ ᠳᠤ ᠣᠷᠤᠯᠴᠠᠬᠤ᠂ ᠤᠷᠤᠯᠳᠤᠭᠠᠨ ᠢ ᠳᠠᠮᠵᠢᠭᠤᠯᠤᠨ ᠨᠡᠪᠲᠡᠷᠡᠭᠦᠯᠬᠦ ᠵᠡᠷᠭᠡ ᠲᠠᠯ᠎ᠠ ᠪᠠᠷ ᠤᠷᠢᠳᠡᠪᠡᠷ ᠪᠠᠲᠤᠯᠠᠭ᠎ᠠ ᠣᠯᠭᠤᠨ᠎ᠠ᠃ ᠭᠤᠣᠯᠳᠠᠭᠤ ᠣᠷᠣᠨ ᠨᠤᠲᠤᠭ ᠤᠨ ᠪᠡᠯᠡᠳᠬᠡᠯ ᠤᠷᠤᠯᠳᠤᠭᠠᠨ ᠪᠠ ᠪᠦᠬᠦ ᠤᠯᠤᠰ ᠤᠨ ᠰᠢᠢᠳᠪᠦᠷᠢᠲᠦ ᠤᠷᠤᠯᠳᠤᠭᠠᠨ ᠢᠶᠠᠷ ᠪᠦᠷᠢᠯᠳᠤᠨ᠎ᠡ᠃     ᠤᠷᠤᠯᠳᠤᠭᠠᠨ ᠨᠢ ᠪᠥᠬᠦ ᠵᠠᠯᠠᠭᠤᠴᠤᠳ ᠪᠠᠭᠠᠴᠤᠳ ᠲᠤ ᠬᠠᠨᠳᠤᠭᠤᠯᠤᠨ᠂ ᠤᠷᠤᠯᠳᠤᠭᠠᠨ ᠳᠤ ᠣᠷᠤᠯᠴᠠᠬᠤ ᠪᠠᠬᠢᠯᠡᠯᠲᠡ ᠶᠢ ᠡᠪᠳᠡᠵᠦ᠂ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠶᠢ ᠬᠠᠮᠲᠤ ᠳᠤᠨᠢ ᠬᠠᠷᠠᠭᠠᠯᠵᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠶᠡᠭᠡ ᠰᠤᠷᠭᠠᠭᠤᠯᠢ ᠵᠡᠷᠭᠡ ᠳᠥᠷᠪᠡᠨ ᠨᠠᠰᠤᠨ ᠤ ᠱᠠᠲᠤ ᠬᠤᠪᠢᠶᠠᠵᠤ᠂ ᠠᠳᠠᠯᠢ ᠪᠤᠰᠤ ᠨᠠᠰᠤᠨ ᠤ ᠣᠨᠴᠠᠯᠢᠭ ᠢ ᠦᠨᠳᠦᠰᠦᠯᠡᠨ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠬᠥᠭᠵᠢᠯᠲᠡ ᠪᠠ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠵᠢᠮ᠎ᠡ ᠶᠣᠰᠣᠨ ᠳᠤ ᠨᠡᠶᠢᠴᠡᠭᠰᠡᠨ ᠤᠷᠤᠯᠳᠤᠭᠠᠨ ᠤ ᠳᠦᠷᠢᠮ ᠢ ᠲᠣᠬᠢᠷᠠᠭᠤᠯᠤᠨ᠎ᠠ᠃ ᠲᠠᠮᠢᠷ ᠤᠨ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠺᠯᠦ᠋ᠪ ᠤᠨ ᠵᠠᠯᠠᠭᠤᠴᠤᠳ ᠤᠨ ᠪᠣᠯᠪᠠᠰᠤᠷᠠᠯ ᠤᠨ ᠱᠠᠲᠤᠯᠵᠢᠨ ᠠᠩᠭᠢ᠂ ᠨᠡᠶᠢᠭᠡᠮ ᠤᠨ ᠵᠠᠯᠠᠭᠤᠴᠤᠳ ᠤᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠪᠥᠮᠪᠥᠭᠡᠨ ᠠᠩᠭᠢ ᠴᠥᠮ ᠴᠢᠯᠦᠭᠡᠲᠡᠢ ᠪᠠᠷ ᠤᠷᠤᠯᠳᠤᠭᠠᠨ ᠳᠤ ᠣᠷᠣᠯᠴᠠᠵᠤ ᠪᠣᠯᠣᠨ᠎ᠠ᠂ ᠤᠷᠤᠯᠳᠤᠭᠠᠨ ᠳᠤ ᠣᠷᠤᠯᠴᠠᠬᠤ ᠶᠠᠮᠠᠷ ᠴᠤ ᠬᠢᠵᠠᠭᠠᠷᠯᠠᠯ ᠭᠠᠷᠭᠠᠬᠤ ᠦᠭᠡᠢ᠃ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢᠶᠠᠷ ᠳᠠᠮᠵᠢᠭᠤᠯᠵᠤ᠂ ᠤᠯᠵᠦ ᠮᠡᠳᠡᠭᠰᠡᠨ᠂ ᠰᠤᠩᠭᠤᠭᠰᠠᠨ ᠵᠠᠯᠠᠭᠤ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠳᠤ ᠳᠡᠭᠡᠭᠰᠢᠯᠡᠭᠦᠯᠬᠦ ᠴᠢᠨᠠᠷᠲᠠᠢ ᠪᠣᠯᠪᠠᠰᠤᠷᠠᠯ  ᠬᠦᠷᠳᠡᠭᠡᠵᠦ᠂ ᠡᠯ᠎ᠡ ᠨᠠᠰᠤᠨ ᠤ ᠤᠯᠤᠰ ᠤᠨ ᠠᠩᠭᠢ ᠳᠤ ᠰᠢᠯᠢᠳᠡᠭ ᠴᠢᠳᠠᠪᠤᠷᠢᠲᠠᠨ ᠢ ᠬᠦᠷᠭᠡᠵᠦ ᠥᠭᠭᠦᠨ᠎ᠡ᠃     ᠠᠳᠠᠯᠢ ᠪᠤᠰᠤ ᠵᠠᠯᠠᠭᠤᠴᠤᠳ ᠪᠠᠭᠠᠴᠤᠳ ᠤᠨ ᠪᠥᠮᠪᠥᠭᠡᠨ ᠠᠩᠭᠢ ᠶᠢᠨ ᠨᠡᠩ ᠤᠯᠠᠨ ᠤᠷᠤᠯᠳᠤᠭᠠᠨ ᠳᠤ ᠣᠷᠤᠯᠴᠠᠬᠤ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠰᠣᠨᠢᠷᠬᠠᠬᠤ ᠴᠢᠨᠠᠷ ᠢᠶᠠᠷ ᠴᠢᠩᠭ᠎ᠠ᠂ ᠠᠯᠳᠠᠷᠰᠢᠯ ᠢᠶᠠᠷ ᠥᠨᠳᠥᠷ ᠨᠠᠷᠠᠲᠤ ᠲᠡᠮᠳᠡᠭᠲᠦ ᠤᠷᠤᠯᠳᠤᠭᠠᠨ ᠢ ᠵᠣᠬᠢᠬᠤ ᠬᠡᠮᠵᠢᠶ᠎ᠡ ᠪᠠᠷ ᠦᠯᠡᠳᠡᠭᠡᠵᠦ ᠪᠣᠯᠣᠨ᠎ᠠ᠂ ᠵᠢᠱᠢᠶᠡᠯᠡᠪᠡᠯ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠪᠠ ᠵᠤᠰᠠᠯᠠᠩ᠂ ᠪᠥᠬᠦ ᠤᠯᠤᠰ ᠤᠨ ᠲᠠᠮᠢᠷ ᠤᠨ ᠰᠤᠷᠭᠠᠭᠤᠯᠢ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠪᠣᠯᠣᠨ᠎ᠠ᠃ ᠡᠭᠦᠨ ᠤ ᠬᠠᠮᠲᠤ᠂ ᠳᠤᠮᠳᠠᠳᠤ ᠤᠯᠤᠰ ᠤᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠬᠥᠯ ᠪᠥᠮᠪᠦᠭᠡ ᠶᠢᠨ ᠨᠡᠶᠢᠭᠡᠮᠯᠢᠭ ᠬᠤᠨᠳᠠᠭᠠᠲᠤ᠂ ᠳᠤᠮᠳᠠᠳᠤ ᠤᠯᠤᠰ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠳᠤᠮᠳᠠᠳᠤ ᠤᠯᠤᠰ ᠤᠨ ᠣᠶᠤᠲᠠᠳ ᠤᠨ ᠬᠥᠯ ᠪᠥᠮᠪᠦᠭᠡ ᠶᠢᠨ ᠨᠡᠶᠢᠭᠡᠮᠯᠢᠭ ᠬᠤᠨᠳᠠᠭᠠᠲᠤ᠂ ᠳᠤᠮᠳᠠᠳᠤ ᠤᠯᠤᠰ ᠤᠨ ᠣᠶᠤᠲᠠᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠬᠡᠲᠦ ᠬᠤᠯᠪᠣᠭᠠᠲᠤ ᠤᠷᠤᠯᠳᠤᠭᠠᠨ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠨᠡᠶᠢᠭᠡᠮ ᠤᠨ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠵᠡᠷᠭᠡ ᠶᠢ ᠡᠮᠬᠢᠯᠡᠨ ᠨᠡᠶᠢᠯᠡᠭᠦᠯᠵᠦ᠂ ᠲᠠᠰᠤᠷᠠᠯ ᠦᠭᠡᠢ ᠰᠢᠨ᠎ᠡ ᠶᠢ ᠡᠭᠦᠳᠦᠨ᠂ ᠠᠭᠤᠰᠤᠯᠴᠠᠯ ᠢ ᠠᠬᠢᠭᠤᠯᠤᠨ᠎ᠡ᠃     02 ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠤᠬᠢᠶᠠᠨ ᠪᠠᠶᠢᠭᠤᠯᠬᠤ ᠪᠠᠶᠢᠭᠤᠯᠤᠮᠵᠢ ᠪᠠ ᠴᠢᠳᠠᠪᠬᠢ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠢᠯᠤᠭᠤᠳᠬᠤ ᠨᠢᠭᠡᠴᠡ ᠨᠢ ᠰᠤᠷᠭᠠᠨ ᠬᠥᠮᠦᠵᠢᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠭᠤᠣᠯᠯᠠᠨ ᠡᠷᠭᠢᠯᠡᠬᠦ ᠨᠢᠭᠡᠴᠡ ᠨᠢ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠪᠣᠯᠣᠨ᠎ᠠ᠃ ᠰᠤᠷᠭᠠᠨ ᠬᠥᠮᠦᠵᠢᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠷᠸ᠎ᠠ ᠵᠢᠯᠣᠭᠤᠳᠤᠯᠭ᠎ᠠ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠲᠤᠰᠢᠶᠠᠯ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠵᠦ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠤᠷᠤᠯᠳᠤᠭᠠᠨ ᠤ ᠶᠠᠪᠤᠳᠠᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠪᠣᠳᠠᠲᠠᠢ ᠬᠠᠷᠢᠭᠤᠴᠠᠨ᠎ᠠ᠃     ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠳᠤ ᠤᠷᠤᠯᠳᠤᠭᠠᠨ ᠤ ᠶᠠᠪᠤᠳᠠᠯ ᠤᠨ ᠠᠯᠪᠠᠨ ᠭᠡᠷ ᠲᠤᠬᠢᠷᠠᠭᠤᠯᠵᠦ᠂ ᠳᠤᠮᠳᠠᠳᠤ ᠤᠯᠤᠰ ᠤᠨ ᠬᠥᠯ ᠪᠦᠮᠪᠦᠭᠡ ᠶᠢᠨ ᠨᠡᠶᠢᠭᠡᠮᠯᠢᠭ ᠲᠤ ᠪᠠᠶᠢᠯᠭᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠡᠭᠦᠷᠭᠡᠯᠡᠵᠦ᠂ ᠠᠯᠪᠠᠨ ᠭᠡᠷ ᠤᠨ ᠪᠦᠷᠢᠯᠳᠦᠭᠦᠨ ᠢ ᠰᠤᠷᠭᠠᠨ ᠬᠥᠮᠦᠵᠢᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠰᠣᠩᠭᠤᠨ ᠲᠣᠮᠢᠯᠠᠵᠤ᠂ ᠤᠷᠤᠯᠳᠤᠭᠠᠨ ᠤ ᠲᠥᠰᠥᠯ ᠢ ᠲᠣᠭᠲᠠᠭᠠᠨ ᠲᠠᠶᠢᠯᠪᠤᠷᠢᠯᠠᠬᠤ᠂ ᠤᠷᠤᠯᠳᠤᠭᠠᠨ ᠤ ᠠᠵᠢᠯ ᠢ ᠵᠣᠬᠢᠶᠠᠨ ᠪᠠᠶᠢᠭᠤᠯᠬᠤ᠂ ᠳᠦᠷᠢᠮ ᠲᠣᠭᠲᠠᠭᠠᠯ ᠢ ᠲᠣᠭᠲᠠᠭᠠᠬᠤ ᠪᠠ ᠰᠢᠯᠢᠳᠡᠭ ᠪᠥᠮᠪᠥᠭᠡᠴᠢᠨ ᠢ ᠰᠢᠯᠢᠨ ᠰᠣᠩᠭᠤᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠭᠤᠯᠤᠨ᠎ᠠ᠃ ᠪᠣᠳᠠᠲᠠᠢ ᠪᠠᠶᠢᠷᠢᠯᠠᠭᠤᠯᠤᠯᠲᠠ ᠨᠢ ᠳᠣᠣᠷᠠᠬᠢ ᠮᠡᠲᠦ᠄     ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ︵ᠨᠢᠭᠡ︶ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠲᠥᠰᠥᠯ ᠢ ᠲᠣᠭᠲᠠᠭᠠᠨ᠎ᠠ᠃ ︵ᠬᠤᠶᠠᠷ︶ ᠤᠷᠤᠯᠳᠤᠭᠠᠨ ᠤ ᠶᠠᠪᠤᠴᠠ ᠶᠢ ᠨᠠᠶᠢᠷᠠᠭᠤᠯᠤᠨ ᠵᠢᠭᠰᠠᠭᠠᠬᠤ᠂ ᠤᠷᠤᠯᠳᠤᠭᠠᠨ ᠳᠤ ᠨᠡᠷ᠎ᠡ ᠮᠡᠳᠡᠭᠦᠯᠬᠦ᠂ ᠤᠷᠤᠯᠳᠤᠭᠠᠨ ᠢ ᠬᠡᠷᠡᠭᠵᠢᠭᠦᠯᠬᠦ ᠵᠡᠷᠭᠡ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃ ︵ᠭᠤᠷᠪᠠ︶ ᠤᠷᠤᠯᠳᠤᠭᠠᠨ ᠤ ᠶᠠᠪᠤᠳᠠᠯ ᠤᠨ ᠡᠯ᠎ᠡ ᠵᠦᠢᠯ ᠤᠨ ᠳᠦᠷᠢᠮ ᠲᠣᠭᠲᠠᠭᠠᠯ ᠢ ᠲᠣᠭᠲᠠᠭᠠᠨ᠎ᠠ᠃ ︵ᠳᠥᠷᠪᠡ︶ ᠰᠢᠯᠢᠳᠡᠭ ᠵᠠᠯᠠᠭᠤ ᠪᠠᠭᠠᠴᠤᠳ ᠤᠨ ᠪᠥᠮᠪᠥᠭᠡᠴᠢᠨ ᠢ ᠰᠢᠯᠢᠨ ᠰᠣᠩᠭᠤᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃     ︵ᠲᠠᠪᠤ︶ ᠪᠥᠬᠦ ᠤᠯᠤᠰ ᠤᠨ ᠡᠯ᠎ᠡ ᠭᠠᠵᠠᠷ ᠤᠨ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠯᠤᠭ᠎ᠠ ᠪᠣᠳᠠᠲᠠᠢ ᠵᠣᠯᠭᠠᠭᠤᠯᠬᠤ ᠠᠵᠢᠯ  ᠢ ᠬᠠᠷᠢᠭᠤᠴᠠᠨ᠎ᠠ᠃ ︵ᠵᠢᠷᠭᠤᠭ᠎ᠠ︶ ᠤᠷᠤᠯᠳᠤᠭᠠᠨ ᠤ ᠰᠤᠷᠲᠠᠯ ᠰᠠᠬᠢᠯᠭ᠎ᠠ ᠪᠠᠲᠤ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠳᠣᠯᠤᠭ᠎ᠠ︶ ᠬᠤᠳᠠᠯᠳᠤᠭᠠᠨ ᠤ ᠶᠠᠪᠤᠳᠠᠯ ᠤᠨ ᠨᠡᠭᠡᠭᠡᠨ ᠬᠥᠭᠵᠢᠭᠦᠯᠦᠯᠲᠡ ᠬᠢᠭᠡᠳ ᠵᠠᠷᠤᠳᠠᠯ ᠤᠨ ᠬᠡᠷᠡᠭᠯᠡᠯᠲᠡ ᠶᠢᠨ ᠠᠵᠢᠯ   ᠢ ᠬᠠᠷᠢᠭᠤᠴᠠᠨ᠎ᠠ᠃     ᠡᠯ᠎ᠡ ᠭᠠᠵᠠᠷ ᠣᠷᠣᠨ ︵ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠬᠤᠲᠠ ᠶᠢᠨ ᠭᠡᠰᠢᠭᠦᠳ ᠤᠨ ᠨᠡᠶᠢᠭᠡᠮᠯᠢᠭ ᠤᠨ ᠪᠠᠶᠢᠭ᠎ᠠ ᠬᠤᠲᠠ︶ ᠨᠢ ︽ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ︾ ᠪᠠᠷ ᠯᠠᠪᠯᠠᠯᠲᠠ ᠪᠣᠯᠭᠠᠨ ᠪᠠᠶᠢᠭᠤᠯᠬᠤ ᠶᠢᠨ ᠬᠠᠮᠲᠤ᠂ ᠤᠷᠤᠯᠳᠤᠭᠠᠨ ᠤ ᠲᠥᠰᠥᠯ ᠢ ᠲᠣᠭᠲᠠᠭᠠᠬᠤ᠂ ᠤᠷᠤᠯᠳᠤᠭᠠᠨ ᠤ ᠠᠵᠢᠯ ᠢ ᠵᠣᠬᠢᠶᠠᠨ ᠪᠠᠶᠢᠭᠤᠯᠬᠤ᠂ ᠳᠦᠷᠢᠮ ᠲᠣᠭᠲᠠᠭᠠᠯ ᠢ ᠲᠣᠭᠲᠠᠭᠠᠬᠤ ᠪᠠ ᠰᠢᠯᠢᠳᠡᠭ ᠪᠥᠮᠪᠥᠭᠡᠴᠢᠨ ᠢ ᠰᠢᠯᠢᠨ ᠰᠣᠩᠭᠤᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠬᠠᠷᠢᠭᠤᠴᠠᠨ᠎ᠠ᠃     03 ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ  ᠢ ᠲᠦᠰᠦᠪᠯᠡᠬᠦ ᠦᠨᠳᠦᠰᠦᠨ ᠵᠠᠷᠴᠢᠮ     ︵ᠨᠢᠭᠡ︶ ︽ᠶᠡᠷᠦᠩᠬᠡᠢ ᠲᠥᠰᠥᠯ︾ ᠢ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠱᠠᠭᠠᠷᠳᠠᠯᠭ᠎ᠠ ᠶᠢ ᠲᠤᠤᠱᠯᠠᠭᠤᠯᠤᠨ᠂ ᠵᠠᠯᠠᠭᠤᠴᠤᠳ ᠪᠠᠭᠠᠴᠤᠳ ᠲᠠᠮᠢᠷᠴᠢᠨ ᠤ ᠡᠷᠡᠭᠦᠯ ᠢᠶᠠᠷ ᠬᠥᠭᠵᠢᠬᠦ ᠪᠠᠷ ᠶᠡᠷᠦᠩᠬᠡᠢ ᠬᠠᠷᠠᠯᠲᠠ ᠪᠣᠯᠭᠠᠵᠤ᠂ ᠵᠠᠯᠠᠭᠤᠴᠤᠳ ᠪᠠᠭᠠᠴᠤᠳ ᠤᠨ ᠪᠥᠮᠪᠥᠭᠡᠴᠢᠨ ᠤ ᠰᠣᠶᠣᠯ ᠤᠨ ᠰᠤᠷᠤᠯᠴᠠᠯᠭ᠎ᠠ ᠶᠢ ᠪᠠᠲᠤᠯᠠᠨ᠂ ᠰᠣᠶᠣᠯ ᠰᠤᠷᠭᠠᠨ ᠬᠥᠮᠦᠵᠢᠯ ᠬᠢᠭᠡᠳ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃     ︵ᠬᠤᠶᠠᠷ︶ ᠱᠠᠩᠨᠠᠯ ᠤᠨ ᠮᠧᠳᠠᠯ ᠤᠨ ᠦᠵᠡᠯ ᠢ ᠲᠠᠶᠠᠭᠳᠠᠵᠤ᠂ ᠬᠥᠮᠥᠨ ᠪᠦᠬᠦᠨ ᠳᠤ ᠬᠠᠨᠳᠤᠭᠤᠯᠤᠨ᠂ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠶᠢ ᠬᠠᠷᠢᠯᠴᠠᠨ ᠤᠶᠠᠯᠳᠤᠭᠤᠯᠵᠤ᠂ ᠤᠷᠤᠯᠳᠤᠭᠠᠨ ᠳᠤ ᠣᠷᠤᠯᠴᠠᠬᠤ ᠪᠠᠬᠢᠯᠡᠯᠲᠡ ᠶᠢ ᠡᠪᠳᠡᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠳᠤ ᠣᠷᠤᠯᠴᠠᠬᠤ ᠬᠥᠮᠥᠨ ᠠᠮᠠ ᠶᠢᠨ ᠲᠤᠭ᠎ᠠ ᠶᠢ ᠭᠦᠢᠴᠡᠳ ᠥᠷᠭᠡᠳᠬᠡᠨ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃     ︵ᠭᠤᠷᠪᠠ︶ ᠣᠷᠣᠨ ᠨᠤᠲᠤᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠷᠤᠯᠳᠤᠭᠠᠨ ᠤ ᠴᠠᠭ ᠪᠠ ᠭᠠᠵᠠᠷ ᠢ ᠲᠣᠬᠢᠷᠠᠭᠤᠯᠵᠤ᠂ ᠣᠷᠣᠨ ᠨᠤᠲᠤᠭ ᠤᠨ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠬᠥᠭᠵᠢᠯᠲᠡ ᠶᠢ ᠠᠬᠢᠭᠤᠯᠤᠨ᠂ ᠲᠣᠭᠲᠠᠭᠤᠨ᠂ ᠣᠷᠳᠣ ᠬᠤᠭᠤᠴᠠᠭᠠᠨ ᠤ᠂ ᠣᠯᠠᠨ ᠲᠠᠰ ᠳᠠᠪᠬᠤᠷᠭ᠎ᠠ ᠶᠢᠨ ᠣᠷᠣᠨ ᠨᠤᠲᠤᠭ ᠤᠨ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠣᠷᠣᠨ ᠨᠤᠲᠤᠭ ᠤᠨ ᠤᠷᠤᠯᠳᠤᠭᠠᠨ ᠨᠢ ᠪᠦᠬᠦ ᠤᠯᠤᠰ ᠤᠨ ᠤᠷᠤᠯᠳᠤᠭᠠᠨ ᠲᠠᠢ ᠡᠮᠬᠢ ᠵᠢᠷᠤᠮ ᠲᠠᠢ ᠪᠠᠷ ᠵᠣᠬᠢᠴᠠᠵᠤ᠂ ᠬᠠᠷᠢᠯᠴᠠᠨ ᠨᠥᠯᠥᠭᠡᠯᠡᠬᠦ ᠦᠭᠡᠢ ᠪᠥᠭᠡᠳ  ᠵᠦᠷᠢᠴᠡᠯᠳᠦᠬᠦ ᠦᠭᠡᠢ᠃     ︵ᠳᠥᠷᠪᠡ︶ ᠪᠣᠯᠪᠠᠰᠤᠷᠠᠯ ᠪᠠ ᠤᠷᠤᠯᠳᠤᠭᠠᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ︽ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠬᠥᠲᠥᠯᠪᠦᠷᠢ︾ ᠶᠢᠨ ᠱᠠᠭᠠᠷᠳᠠᠯᠭ᠎ᠠ ᠶᠣᠰᠣᠭᠠᠷ᠂ ᠪᠣᠯᠪᠠᠰᠤᠷᠠᠯ ᠤᠨ ᠶᠠᠰᠤ ᠴᠢᠨᠠᠷ ᠪᠠ ᠤᠷᠤᠯᠳᠤᠭᠠᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠷᠤᠯᠳᠤᠭᠠᠨ ᠤ ᠦᠷ᠎ᠡ ᠪᠦᠲᠦᠮᠵᠢ ᠶᠢ ᠦᠨᠡᠨᠬᠦ ᠪᠠᠳᠠᠷᠠᠭᠤᠯᠤᠨ᠎ᠠ᠃ ᠤᠷᠤᠯᠳᠤᠭᠠᠨ ᠢᠶᠠᠷ ᠳᠠᠮᠵᠢᠭᠤᠯᠤᠨ ᠰᠢᠯᠢᠳᠡᠭ ᠴᠢᠳᠠᠪᠤᠷᠢᠲᠠᠨ ᠢ ᠰᠢᠯᠢᠨ ᠰᠣᠩᠭᠤᠵᠤ᠂ ᠵᠠᠯᠠᠭᠤᠴᠤᠳ ᠪᠠᠭᠠᠴᠤᠳ ᠤᠨ ᠪᠥᠮᠪᠥᠭᠡᠴᠢᠨ ᠤ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠡᠯ᠎ᠡ ᠱᠠᠲᠤᠨ ᠤ ᠤᠯᠤᠰ ᠤᠨ ᠠᠩᠭᠢ ᠶᠢ ᠵᠣᠬᠢᠶᠠᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠭᠦᠨ᠎ᠡ᠃     04 ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠲᠦᠷᠢᠮ     ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠪᠦᠷᠢᠯᠳᠦᠭᠦᠨ ᠢ ᠤᠷᠤᠯᠳᠤᠭᠠᠨ ᠳᠤ ᠣᠷᠤᠯᠴᠠᠬᠤ ᠨᠠᠰᠤᠨ ᠤ ᠱᠠᠲᠤ ᠶᠢ ᠦᠨᠳᠦᠰᠦᠯᠡᠨ ᠳᠥᠷᠪᠡᠨ ᠬᠡᠰᠡᠭ ᠲᠤ ᠬᠤᠪᠢᠶᠠᠵᠤ᠂ ᠡᠷᠡᠭᠲᠡᠢ᠂ ᠡᠮᠡᠭᠲᠡᠢ ᠨᠡᠶᠢᠲᠡ ᠠᠷᠪᠠᠨ ᠨᠠᠢᠮᠠᠨ ᠳᠤᠭᠤᠶᠢᠯᠠᠩ ᠬᠤᠪᠢᠶᠠᠵᠤ᠂ ᠲᠣᠰ ᠲᠣᠰ ᠡᠷᠡᠭᠲᠡᠢ᠂ ᠡᠮᠡᠭᠲᠡᠢ ᠶᠢᠨ ᠪᠠᠭ᠎ᠠ ᠰᠤᠷᠭᠠᠭᠤᠯᠢ ᠶᠢᠨ ᠨᠠᠰᠤᠨ ᠤ ᠱᠠᠲᠤ ᠶᠢᠨ U8 ︱ U12 ᠨᠡᠶᠢᠲᠡ ᠠᠷᠪᠠᠨ ᠳᠤᠭᠤᠶᠢᠯᠠᠩ ᠲᠣᠬᠢᠷᠠᠭᠤᠯᠤᠨ᠎ᠠ︔ ᠡᠷᠡᠭᠲᠡᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠰᠤᠨ ᠤ ᠱᠠᠲᠤᠨ ᠤ U13᠂ U15 ᠳᠤᠭᠤᠶᠢᠯᠠᠩ᠂ ᠡᠷᠡᠭᠲᠡᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠰᠤᠨ ᠤ ᠱᠠᠲᠤᠨ ᠤ U17 ᠳᠤᠭᠤᠶᠢᠯᠠᠩ ᠲᠤᠬᠢᠷᠠᠭᠤᠯᠤᠨ᠎ᠡ︔ ᠡᠮᠡᠭᠲᠡᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠰᠤᠨ ᠤ ᠦᠶ᠎ᠡ ᠶᠢᠨ U13᠂ U15᠂ U17 ᠳᠤᠭᠤᠶᠢᠯᠠᠩ ᠲᠤᠬᠢᠷᠠᠭᠤᠯᠤᠨ᠎ᠡ︔ ᠡᠷᠡᠭᠲᠡᠢ ᠶᠢᠨ ᠶᠡᠭᠡ ᠰᠤᠷᠭᠠᠭᠤᠯᠢ ᠶᠢᠨ ᠨᠠᠰᠤᠨ ᠤ ᠱᠠᠲᠤᠨ ᠤ U19 ᠳᠤᠭᠤᠶᠢᠯᠠᠩ᠂ ᠡᠮᠡᠭᠲᠡᠢ ᠶᠢᠨ ᠶᠡᠭᠡ ᠰᠤᠷᠭᠠᠭᠤᠯᠢ ᠶᠢᠨ ᠨᠠᠰᠤᠨ ᠤ ᠱᠠᠲᠤᠨ ᠤ ᠳᠤᠭᠤᠶᠢᠯᠠᠩ ᠲᠤᠬᠢᠷᠠᠭᠤᠯᠤᠨ᠎ᠡ᠃     ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠪᠥᠬᠦ ᠤᠯᠤᠰ ᠤᠨ ᠰᠢᠢᠳᠪᠦᠷᠢᠲᠦ ᠤᠷᠤᠯᠳᠤᠭᠠᠨ ᠪᠣᠯ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠠᠮᠤᠭ ᠤᠨ ᠳᠡᠭᠡᠳᠦ ᠱᠠᠲᠤᠨ ᠤ ᠤᠷᠤᠯᠳᠤᠭᠠᠨ ᠮᠥᠨ᠂ ᠤᠷᠤᠯᠳᠤᠭᠠᠨ ᠳᠤ ᠣᠷᠤᠯᠴᠠᠬᠤ ᠪᠥᠮᠪᠥᠭᠡᠨ ᠠᠩᠭᠢ ᠣᠷᠣᠨ ᠨᠤᠲᠤᠭ ᠤᠨ ᠪᠡᠯᠡᠳᠬᠡᠯ ᠤᠷᠤᠯᠳᠤᠭᠠᠨ ᠢᠶᠠᠷ  ᠰᠢᠯᠭᠠᠷᠠᠨ᠎ᠠ᠃ ᠪᠦᠬᠦ ᠤᠯᠤᠰ ᠤᠨ ᠰᠢᠢᠳᠪᠦᠷᠢᠲᠦ ᠤᠷᠤᠯᠳᠤᠭᠠᠨ ᠢ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠤᠷᠤᠯᠳᠤᠭᠠᠨ ᠤ ᠠᠯᠪᠠᠨ ᠭᠡᠷ ᠠᠴᠠ ᠪᠣᠳᠠᠲᠠᠢ ᠵᠣᠬᠢᠶᠠᠨ ᠪᠠᠶᠢᠭᠤᠯᠵᠤ᠂ ᠣᠷᠣᠨ ᠨᠤᠲᠤᠭ ᠤᠨ ᠪᠡᠯᠡᠳᠬᠡᠯ ᠤᠷᠤᠯᠳᠤᠭᠠᠨ ᠢ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠠᠴᠠ ᠪᠣᠳᠠᠲᠠᠢ ᠵᠣᠬᠢᠶᠠᠨ ᠪᠠᠶᠢᠭᠤᠯᠤᠨ᠎ᠠ᠃     ᠣᠷᠣᠨ ᠨᠤᠲᠤᠭ ᠤᠨ ᠤᠷᠢᠳᠴᠢᠯᠠᠨ ᠰᠣᠩᠭᠤᠬᠤ ᠤᠷᠤᠯᠳᠤᠭᠠᠨ ᠢ ᠡᠯ᠎ᠡ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠡᠩᠨᠡᠭᠡ ᠶᠢᠨ ᠶᠡᠷᠦᠩᠬᠡᠢ ᠲᠤᠭ᠎ᠠ ᠵᠢᠴᠢ ᠣᠷᠣᠨ ᠲᠤᠭ᠎ᠠ ᠶᠢᠨ ᠬᠤᠪᠢᠶᠠᠷᠢᠯᠠᠯᠲᠠ ᠵᠡᠷᠭᠡ ᠶᠢ ᠡᠯ᠎ᠡ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠠᠴᠠ ᠲᠣᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ᠣᠲᠣ ᠶᠢᠨ ᠪᠠᠶᠢᠭ᠎ᠠ ᠤᠷᠤᠯᠳᠤᠭᠠᠨ ᠤ ᠶᠠᠪᠤᠴᠠ ᠳᠤ ᠪᠥᠬᠦ ᠲᠠᠯ᠎ᠠ ᠪᠠᠷ ᠠᠭᠤᠰᠤᠯᠴᠠᠬᠤ ᠶᠢ ᠬᠠᠩᠭᠠᠬᠤ᠂ ᠪᠠᠬᠢᠯᠡᠯᠲᠡ ᠥᠯᠥ ᠪᠠᠶᠢᠭᠤᠯᠬᠤ ᠵᠠᠷᠴᠢᠮ ᠢ ᠬᠠᠩᠭᠠᠭᠰᠠᠨ ᠤᠷᠤᠯᠳᠤᠭᠠᠨ ᠢ ᠰᠢᠭᠤᠳ ᠪᠡᠯᠡᠳᠬᠡᠯ ᠤᠷᠤᠯᠳᠤᠭᠠᠨ ᠪᠣᠯᠭᠠᠵᠤ ᠪᠣᠯᠣᠨ᠎ᠠ᠂ ᠠᠰ ᠲᠤᠨᠢ ᠡᠷᠭᠢᠯᠡᠬᠦ ᠴᠢᠬᠤᠯᠠ ᠦᠭᠡᠢ᠃     05 ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ  ᠤ ᠱᠠᠩᠨᠠᠬᠤ ᠲᠦᠷᠢᠮ     ᠪᠤᠰᠤᠳ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠤ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠪᠠᠷᠢᠮᠵᠢᠶ᠎ᠠ ᠶᠣᠰᠣᠭᠠᠷ᠂ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ᠂ ᠱᠠᠩᠨᠠᠯ ᠤᠨ ᠮᠥᠩᠭᠦ ᠪᠠᠷ ᠤᠷᠮᠠᠰᠢᠭᠤᠯᠬᠤ᠂ ᠬᠢᠷᠢ ᠬᠡᠮ ᠢ ᠦᠨᠡᠯᠡᠨ ᠲᠣᠭᠲᠠᠭᠠᠬᠤ᠂ ᠰᠢᠯᠢᠨ ᠰᠣᠩᠭᠤᠵᠤ ᠬᠥᠮᠥᠷᠭᠡ ᠳᠤ ᠣᠷᠣᠭᠤᠯᠬᠤ ᠵᠡᠷᠭᠡ ᠱᠠᠩᠨᠠᠨ ᠬᠥᠬᠢᠭᠦᠯᠬᠦ ᠲᠣᠭᠲᠠᠴᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠥᠮᠪᠥᠭᠡᠨ ᠠᠩᠭᠢ ᠶᠢᠨ ᠨᠡᠷᠡᠰ ᠤᠨ ᠳᠠᠷᠠᠭᠠᠯᠠᠯ ᠤᠨ ᠱᠠᠩᠨᠠᠯ᠂ ᠪᠥᠮᠪᠥᠭᠡᠴᠢᠨ ᠤ ᠬᠤᠪᠢ ᠬᠥᠮᠥᠨ ᠤ ᠱᠠᠩᠨᠠᠯ ᠵᠡᠷᠭᠡ ᠶᠢ ᠲᠣᠬᠢᠷᠠᠭᠤᠯᠵᠤ᠂ ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠳᠠᠯ ᠣᠯᠭᠤᠨ᠎ᠠ᠃ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠮᠥᠩᠭᠦ ᠣᠯᠭᠤᠬᠤ ᠶᠢ ᠰᠤᠳᠤᠯᠵᠤ᠂ ᠬᠦᠷᠢᠶ᠎ᠡ ᠬᠡᠪᠴᠢᠶ᠎ᠡ᠂ ᠲᠤᠭ᠎ᠠ ᠬᠡᠮᠵᠢᠶ᠎ᠡ ᠵᠡᠷᠭᠡ ᠪᠣᠳᠠᠲᠠᠢ ᠪᠠᠷᠢᠮᠵᠢᠶ᠎ᠠ ᠶᠢ ᠤᠷᠤᠯᠳᠤᠭᠠᠨ ᠤ ᠶᠠᠪᠤᠳᠠᠯ ᠤᠨ ᠠᠯᠪᠠᠨ ᠭᠡᠷ ᠠᠴᠠ ᠰᠤᠳᠤᠯᠤᠨ ᠲᠣᠭᠲᠠᠭᠠᠨ᠎ᠠ᠃ ᠰᠢᠯᠢᠳᠡᠭ ᠪᠥᠮᠪᠥᠭᠡᠴᠢᠨ ᠵᠣᠬᠢᠬᠤ ᠬᠠᠷᠢᠴᠠᠯ ᠢᠶᠠᠷ ᠮᠡᠷᠭᠡᠵᠢᠯ ᠤᠨ ᠵᠡᠷᠭᠡ ᠳᠡᠰ ᠢ ᠦᠨᠡᠯᠡᠨ ᠲᠣᠭᠲᠠᠭᠠᠬᠤ ᠳᠤ ᠣᠷᠤᠯᠴᠠᠬᠤ ᠶᠢ ᠵᠥᠪᠰᠢᠶᠡᠷᠡᠵᠦ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ︽ᠲᠠᠮᠢᠷᠴᠢᠨ ᠤ ᠮᠡᠷᠭᠡᠵᠢᠯ ᠤᠨ ᠵᠡᠷᠭᠡ ᠳᠡᠰ ᠤᠨ ᠪᠠᠷᠢᠮᠵᠢᠶ᠎ᠠ︾ ᠶᠣᠰᠣᠭᠠᠷ ᠨᠢᠭᠡᠳᠦᠯᠲᠡᠢ ᠪᠠᠷᠢᠮᠵᠢᠶ᠎ᠠ ᠲᠣᠭᠲᠠᠭᠠᠬᠤ ᠶᠢᠨ ᠬᠠᠮᠲᠤ ᠬᠠᠮᠲᠤ ᠪᠠᠷ ᠦᠨᠡᠯᠡᠨ ᠲᠣᠭᠲᠠᠭᠠᠨ᠎ᠠ᠃ᠰ᠊ ᠵᠯᠢᠳᠡᠭ ᠪᠥᠮᠪᠥᠭᠡᠴᠢᠨ ᠤ ᠲᠠᠩᠰᠠ ᠡᠪᠬᠡᠮᠡᠯ ᠤᠨ ᠬᠥᠮᠥᠷᠭᠡ ᠶᠢ ᠪᠠᠶᠢᠭᠤᠯᠵᠤ᠂ ᠡᠯ᠎ᠡ ᠱᠠᠲᠤᠨ ᠤ ᠤᠯᠤᠰ ᠤᠨ ᠠᠩᠭᠢ ᠳᠤ ᠰᠣᠩᠭᠤᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ ᠱᠠᠩᠨᠠᠯ ᠤᠨ ᠲᠣᠭᠲᠠᠴᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠡᠷᠬᠡ ᠲᠡᠭᠰᠢ ᠲᠥᠪ ᠭᠤᠣᠯᠴᠢ ᠢᠯᠡ ᠲᠣᠳᠣ ᠪᠠᠶᠢᠬᠤ ᠶᠢ ᠪᠠᠷᠢᠮᠲᠠᠯᠠᠵᠤ᠂ ᠱᠠᠩᠨᠠᠯ ᠤᠨ ᠦᠷ᠎ᠡ ᠳ᠋ᠦᠩ ᠤᠨ ᠡᠯ᠎ᠡ ᠲᠠᠯ᠎ᠠ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠨᠡᠩ ᠤᠯᠠᠨ ᠵᠠᠯᠠᠭᠤᠴᠤᠳ ᠪᠠᠭᠠᠴᠤᠳ ᠢ ᠲᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠤᠷᠤᠯᠳᠤᠭᠠᠨ ᠤ ᠲᠠᠲᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃     06 ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠭᠠᠷᠳᠠᠯᠭ᠎ᠠ     ︵ᠨᠢᠭᠡ︶ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠲᠠᠯ᠎ᠠ ᠨᠤᠭᠤᠳ ︽ᠶᠡᠷᠦᠩᠬᠡᠢ ᠲᠥᠰᠥᠯ︾ ᠪᠠ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠱᠠᠭᠠᠷᠳᠠᠯᠭ᠎ᠠ ᠶᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠭᠵᠢᠯᠲᠡ ᠶᠢᠨ ᠶᠡᠭᠡ ᠲᠠᠯ᠎ᠠ ᠳᠤ ᠨᠢᠭᠡᠳᠬᠡᠨ᠂ ᠨᠡᠪᠲᠡᠷᠡᠯᠴᠡᠨ ᠵᠣᠬᠢᠴᠠᠭᠤᠯᠵᠤ ᠬᠠᠮᠵᠢᠯᠴᠠᠬᠤ ᠪᠠᠨ ᠴᠢᠩᠭᠠᠳᠬᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠲᠤ ᠰᠢᠯᠢᠳᠡᠭ ᠰᠠᠶᠢᠨ ᠤᠷᠤᠯᠳᠤᠭᠠᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠡᠯ᠎ᠡ ᠤᠷᠤᠯᠳᠤᠭᠠᠨ ᠳᠤ ᠣᠷᠤᠯᠴᠠᠬᠤ ᠨᠢᠭᠡᠴᠡ᠂ ᠬᠤᠪᠢ ᠬᠥᠮᠥᠨ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠷᠤᠯᠳᠤᠭᠠᠨ ᠳᠤ ᠣᠷᠤᠯᠴᠠᠬᠤ ᠪᠠᠷ ᠢᠳᠡᠪᠬᠢᠲᠡᠢ ᠪᠡᠯᠡᠳᠬᠡᠵᠦ᠂ ᠤᠷᠤᠯᠳᠤᠭᠠᠨ ᠤ ᠬᠡᠪ ᠨᠠᠮᠪᠠ ᠪᠠ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠬᠥᠯ ᠪᠥᠮᠪᠦᠭᠡ ᠳᠤ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ ᠥᠭᠬᠦ ᠬᠡᠷᠡᠭᠲᠡᠢ᠃     ︵ᠬᠤᠶᠠᠷ︶ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠤᠨ ᠳᠤᠮᠳᠠ᠂ ᠠᠵᠢᠯᠯᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠡᠯ᠎ᠡ ᠵᠣᠬᠢᠶᠠᠨ ᠪᠠᠶᠢᠭᠤᠯᠤᠯᠲᠠ ᠶᠢᠨ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠭᠯᠡᠭᠦᠯᠦᠯᠲᠦ ᠴᠢᠨᠠᠷ ᠢᠶᠠᠷ ᠴᠢᠩᠭ᠎ᠠ᠂ ᠠᠵᠢᠯᠯᠠᠬᠤ ᠳᠤ ᠲᠥᠬᠦᠮ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠲᠣᠭᠲᠠᠭᠠᠵᠤ᠂ ᠨᠢᠭᠡ ᠴᠣᠭᠴᠠᠵᠢᠭᠰᠠᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃     ︵ᠭᠤᠷᠪᠠ︶ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠨᠤᠭᠤᠳ ᠠᠮᠤᠷ ᠲᠦᠪᠰᠢᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠠᠵᠢᠯᠲᠠᠨ ︵ᠥᠷᠲᠡᠭᠡ︶ ᠤ ᠲᠣᠬᠢᠷᠠᠭᠤᠯᠤᠯᠲᠠ ᠶᠢ ᠦᠨᠡᠨᠬᠦ ᠪᠠᠲᠤᠯᠠᠵᠤ᠂ ᠤᠷᠤᠯᠳᠤᠭᠠᠨ ᠳᠤ ᠣᠷᠣᠯᠴᠠᠭᠰᠠᠨ ᠵᠠᠯᠠᠭᠤᠴᠤᠳ ᠪᠠᠭᠠᠴᠤᠳ ᠲᠤ ᠳᠠᠭᠠᠳᠬᠠᠯ ᠬᠤᠳᠠᠯᠳᠤᠨ ᠠᠪᠴᠤ᠂ ᠢᠳᠡᠵᠦ ᠤᠤᠭᠤᠬᠤ ᠬᠤᠨᠣᠵᠤ ᠬᠡᠪᠲᠡᠬᠦ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠴᠠᠭ ᠠᠭᠤᠷ ᠤᠨ ᠰᠡᠷᠡᠮᠵᠢᠯᠡᠭᠦᠯᠦᠯ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃     ︵ᠳᠥᠷᠪᠡ︶ ᠰᠢᠨ᠎ᠡ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠵᠣᠬᠢᠶᠠᠨ ᠪᠠᠶᠢᠭᠤᠯᠬᠤ ᠲᠠᠯ᠎ᠠ ᠶᠢᠨ ᠬᠢᠨ ᠭᠡᠷ ᠤᠨ ᠠᠬᠠᠮᠠᠳ᠂ ᠪᠥᠮᠪᠥᠭᠡᠨ ᠬᠤᠷᠤᠬᠠᠢᠢᠲᠠᠨ ᠤ ᠤᠷᠤᠯᠳᠤᠭᠠᠨ ᠦᠵᠡᠬᠦ ᠬᠡᠷᠡᠭᠴᠡᠭᠡ ᠶᠢ ᠵᠣᠬᠢᠰᠲᠠᠢ ᠪᠣᠳᠣᠯᠬᠢᠯᠠᠵᠤ᠂ ᠤᠷᠤᠯᠳᠤᠭᠠᠨ ᠦᠵᠡᠬᠦ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠵᠠᠭᠤᠴᠢᠯᠠᠭᠤᠷ ᠢᠶᠠᠷ ᠳᠠᠮᠵᠢᠭᠤᠯᠤᠨ ᠨᠡᠪᠲᠡᠷᠡᠭᠦᠯᠬᠦ ᠪᠠ ᠤᠬᠠᠭᠤᠯᠬᠤ ᠲᠠᠪᠴᠠᠩ ᠢᠶᠠᠷ ᠳᠠᠮᠵᠢᠭᠤᠯᠤᠨ᠂ ᠢᠳᠡᠪᠬᠢᠲᠡᠢ ᠪᠠᠷ ᠥᠭᠡᠳᠡᠷᠬᠡᠭ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号