ᠵᠠᠩ ᡁᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠥᠷᠲᠡᠭᠡ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/29
     6 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠳᠤ ᠬᠦᠷᠴᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠥᠷᠲᠡᠭᠡ ᠳᠤ ᠪᠠᠶᠢᠴᠠᠭᠠᠨ ᠰᠤᠳᠤᠯᠤᠯᠲᠠ ᠬᠢᠪᠡ᠃     ᠪᠠᠶᠢᠴᠠᠭᠠᠨ ᠰᠤᠳᠤᠯᠬᠤ ᠶᠠᠪᠤᠴᠠ ᠳᠤ᠂ ᠵᠠᠩ ᡁᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠥᠷᠲᠡᠭᠡ ᠶᠢᠨ ᠲᠠᠯᠠᠪᠤᠷ ᠭᠠᠵᠠᠷ᠂ ᠪᠠᠭᠠᠵᠢ ᠬᠡᠷᠡᠭᠰᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ᠂ ᠤᠷᠤᠯᠳᠤᠭᠠᠨ ᠤ ᠠᠵᠢᠯᠯᠠᠭ᠎ᠠ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠨᠠᠷᠢᠨ ᠣᠶᠢᠯᠠᠭᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠥᠷᠲᠡᠭᠡ ᠶᠢᠨ ᠠᠵᠢᠯᠲᠠᠨ ᠤ ᠨᠠᠷᠢᠨ ᠲᠠᠨᠢᠯᠴᠠᠭᠤᠯᠭ᠎ᠠ ᠶᠢ ᠰᠣᠨᠣᠰᠴᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠥᠷᠲᠡᠭᠡ ᠶᠢᠨ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠲᠠᠯ᠎ᠠ ᠪᠠᠷ ᠬᠢ ᠦᠢᠯᠡᠴᠢᠯᠡᠭᠡᠨ ᠤ ᠣᠳᠣᠬᠢ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠪᠠ᠃     ᠵᠠᠩ ᡁᠢ ᠵᠢᠭᠠᠵᠤ ᠭᠠᠷᠭᠠᠭᠰᠠᠨ ᠨᠢ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠥᠷᠲᠡᠭᠡᠨ ᠤ ᠠᠵᠢᠯ ᠤᠨ ᠡᠭᠦᠷᠭᠡ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠥᠭᠵᠢᠯᠲᠡ ᠶᠢᠨ ᠲᠥᠯᠦᠪᠵᠢᠭᠦᠯᠭᠡ ᠪᠠ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠤᠬᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ  ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾  ᠢ  ᠭᠦᠨᠵᠡᠭᠡᠢ ᠰᠤᠷᠤᠯᠴᠠᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠲᠠᠷᠢᠶᠠᠴᠢᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠲᠠᠷᠢᠶᠠᠴᠢᠳ ᠤᠨ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ᠂ ᠬᠥᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号