ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/1
   6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ  ᠲᠠᠮᠢᠷ ᠤᠨ  ᠲᠣᠪᠴᠢᠶ᠎ᠠ      ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠵᠦ᠂ ᠡᠯ᠎ᠡ ᠭᠠᠵᠠᠷ ᠭᠡᠷ ᠪᠣᠯᠣᠨ ᠰᠢᠭᠤᠳ ᠬᠠᠷᠢᠶ᠎ᠠ ᠨᠢᠭᠡᠴᠡ ᠳᠤ ᠬᠠᠨᠳᠤᠭᠤᠯᠤᠨ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠬᠦ᠂ ᠲᠠᠶᠢᠯᠤᠮᠵᠢ ᠬᠢᠬᠦ ᠵᠡᠷᠭᠡ ᠪᠠᠷ ᠳᠡᠮᠵᠢᠨ᠂ ᠠᠶᠤᠯᠭᠦᠢ ᠦᠢᠯᠡᠳᠪᠦᠷᠢᠯᠡᠯ ᠵᠡᠷᠭᠡ ᠮᠡᠳᠡᠯᠭᠡ ᠳᠤ ᠴᠢᠭᠯᠡᠭᠦᠯᠦᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠦᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠬᠤ᠋ ᠴᠧᠩ ᠬᠤᠷᠠᠯ ᠢ ᠡᠷᠭᠢᠯᠡᠪᠡ᠃     ᠲᠣᠰ ᠠᠵᠢᠯᠯᠠᠭ᠎ᠠ ᠳᠤ ᠥᠪᠥᠷ ᠮᠣᠩᠭᠤᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠮᠡᠷᠭᠡᠵᠢᠯ ᠡᠷᠡᠭᠦᠯ ᠮᠡᠨᠳᠦ ᠶᠢᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠠᠯ ᠤᠨᠲᠠᠷᠠᠭᠠᠬᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠵᠠᠩ ᠱᠦ ᠴᠢ ᠶᠢ ᠤᠷᠢᠵᠤ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠲᠠᠶᠢᠯᠤᠮᠵᠢ ᠬᠢᠯᠭᠡᠵᠡᠢ᠃ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠪᠠᠷ ᠳᠠᠮᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠣᠯᠠᠨ ᠳᠤ ᠭᠦᠨᠵᠡᠭᠡᠢ ᠲᠠᠨᠢᠭᠤᠯᠵᠤ᠂ ᠲᠣᠪᠴᠢᠶ᠎ᠠ ᠶᠢᠨ ᠰᠢᠰᠲ᠋ᠧᠮ ᠤᠨ ᠺᠠᠳ᠋ᠷ ᠠᠵᠢᠯᠳᠠᠳ ᠤᠨ ᠬᠠᠤᠯᠢ ᠳᠦᠷᠢᠮ ᠤᠨ ᠦᠵᠡᠯᠲᠡ ᠪᠠ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃      ᠬᠤᠷᠠᠯ ᠠᠴᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠠᠷ ᠲᠣᠬᠢᠶᠠᠯ ᠪᠣᠯᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠠᠶᠤᠯᠭᠦᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾  ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠤ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠴᠢᠯᠠᠪᠠ᠃      ᠲᠤᠪᠴᠢᠶᠠᠨ ᠤ ᠡᠯ᠎ᠡ ᠭᠠᠵᠠᠷ ᠭᠡᠷ᠂ ᠡᠯ᠎ᠡ ᠰᠢᠭᠤᠳ ᠬᠠᠷᠢᠶ᠎ᠠ ᠪᠠᠶᠢᠭᠤᠯᠤᠯᠭ᠎ᠠ ᠶᠢᠨ 40 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号