6 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠬᠤᠷᠠᠯ ᠡᠷᠭᠢᠯᠡᠨ | ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠶᠢᠨ ᠵᠥᠪᠯᠡᠯᠭᠡᠨ ᠤ | ᠠᠵᠢᠯ ᠤᠨ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ | ᠬᠠᠤᠯᠢ︾ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠢ ᠰᠤᠷᠤᠯᠴᠠᠨ ᠲᠤᠤᠱᠯᠠᠭᠤᠯᠬᠤ ᠠᠵᠢᠯ ᠢ | ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠤᠷᠤᠭᠰᠠᠨ ᠢᠶᠠᠨ ᠬᠡᠷᠡᠭᠯᠡᠵᠦ᠂ ᠮᠡᠳᠡᠬᠦᠢ ᠬᠢᠬᠦᠢ ᠪᠠᠨ ᠨᠢᠭᠡᠳᠬᠡᠬᠦ | ᠬᠡᠷᠡᠭᠲᠡᠢ᠃ ᠭᠤᠣᠯᠳᠠᠯᠭ᠎ᠠ ᠲᠠᠢ ᠤᠶᠠᠯᠳᠤᠭᠤᠯᠤᠨ ᠵᠥᠪᠳᠡᠯᠴᠡᠬᠦ ᠶᠢ ᠰᠠᠶᠢᠲᠤᠷ ᠠᠳᠬᠤᠵᠦ᠂ ᠵᠣᠭᠰᠣᠴᠠ ᠪᠠᠨ | ᠳᠡᠭᠡᠭᠰᠢᠯᠡᠭᠦᠯᠵᠦ ᠰᠤᠷᠤᠯᠴᠠᠯᠭ᠎ᠠ ᠪᠠᠨ ᠰᠠᠶᠢᠲᠤᠷ ᠠᠳᠬᠤᠬᠤ ᠬᠡᠷᠡᠭᠲᠡᠢ︔ ᠬᠠᠷᠠᠯᠲᠠ ᠲᠠᠢ ᠪᠠᠨ ᠨᠢᠭᠲᠠ | ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ︽ᠪᠡᠶ᠎ᠡ ᠶᠢᠨ ᠲᠠᠮᠢᠷ ᠤᠨ ᠬᠠᠤᠯᠢ︾ ᠶᠢ ᠬᠢᠨᠠᠮᠠᠭᠠᠢ | ᠰᠤᠷᠤᠯᠴᠠᠵᠤ᠂ ︽ᠪᠡᠶ᠎ᠡ ᠶᠢᠨ ᠲᠠᠮᠢᠷ ᠤᠨ ᠬᠠᠤᠯᠢ︾ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ | ᠴᠢᠬᠤᠯᠠ ᠶᠡᠭᠡ ᠡᠭᠦᠷᠭᠡ ᠪᠣᠯᠭᠠᠵᠤ᠂ ᠨᠠᠮ ᠤᠨ ᠡᠭᠦᠷ ᠢᠶᠠᠷ ᠨᠢᠭᠡᠴᠡ ᠪᠣᠯᠭᠠᠨ᠂ ᠠᠮᠢᠳᠤᠯᠢᠭ ᠪᠥᠭᠡᠳ ᠣᠯᠠᠨ ᠶᠠᠩᠵᠤ | ᠶᠢᠨ ᠰᠤᠷᠤᠯᠴᠠᠨ ᠰᠣᠯᠢᠯᠴᠠᠬᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠬᠤᠶᠠᠷ ᠲᠤ ︽ᠪᠡᠶ᠎ᠡ ᠶᠢᠨ ᠲᠠᠮᠢᠷ ᠤᠨ | ᠬᠠᠤᠯᠢ︾ ᠶᠢ ᠯᠠᠪᠳᠠᠭᠤᠨ ᠪᠠᠲᠤᠲᠠᠢ ᠪᠠᠷ ᠲᠤᠤᠱᠯᠠᠭᠤᠯᠵᠤ᠂ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠺᠠᠳ᠋ᠷᠴᠤᠳ | ᠲᠦᠷᠦᠭᠦᠯᠡᠨ ᠰᠤᠷᠤᠯᠴᠠᠵᠤ᠂ ᠭᠦᠨᠵᠡᠭᠡᠢ ᠰᠤᠷᠤᠯᠴᠠᠵᠤ᠂ ︽ᠪᠡᠶ᠎ᠡ ᠶᠢᠨ ᠲᠠᠮᠢᠷ ᠤᠨ ᠬᠠᠤᠯᠢ︾ ᠶᠢᠨ ᠵᠣᠷᠢᠭ | ᠰᠠᠨᠠᠭᠠᠨ ᠤ ᠮᠥᠨ ᠴᠢᠨᠠᠷ ᠪᠠ ᠭᠤᠣᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠰᠢᠬᠦ ᠶᠢ ᠦᠨᠡᠨ ᠬᠦ ᠪᠠᠲᠤᠯᠠᠵᠤ᠂ | ᠵᠦᠢᠯ ᠵᠤᠷᠪᠤᠰ ᠨᠢᠭᠡᠪᠦᠷᠢ ᠶᠢᠨ ᠠᠭᠤᠯᠤᠭᠳᠠᠬᠤᠨ ᠪᠠ ᠠᠭᠤᠯᠬᠤᠨ ᠢ ᠣᠨᠣᠪᠴᠢᠲᠠᠶ ᠣᠶᠢᠯᠠᠭᠠᠵᠤ ᠨᠡᠪᠲᠡᠷᠡᠲᠡᠯ᠎ᠡ | ᠣᠶᠢᠯᠠᠭᠠᠬᠤ ᠶᠢᠨ ᠬᠠᠮᠲᠤ ᠪᠣᠳᠠᠲᠠᠢ ᠠᠵᠢᠯ ᠤᠨ ᠳᠤᠮᠳᠠ ᠪᠠᠨ ᠠᠮᠢᠳᠤᠯᠢᠭ ᠢᠶᠠᠷ ᠬᠡᠷᠡᠭᠯᠡᠵᠦ ᠂ ᠪᠣᠳᠠᠲᠠᠢ ᠭᠠᠵᠠᠷ | ᠲᠤᠨᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠢᠯ ᠤᠨ ᠠᠬᠢᠴᠠ ᠪᠣᠯᠣᠨ ᠬᠥᠭᠵᠢᠯᠲᠡ ᠶᠢᠨ ᠴᠢᠭᠯᠡᠯ ᠤᠨ | ᠲᠣᠭᠤᠷᠢᠨ ᠳᠤ᠂ ᠢᠳᠡᠪᠬᠢᠲᠡᠢ ᠪᠠᠷ ᠰᠡᠳᠬᠢᠨ ᠪᠣᠳᠣᠯᠬᠢᠯᠠᠵᠤ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ | ᠠᠵᠢᠯ ᠤᠨ ᠡᠮᠬᠢ ᠳᠢᠭᠯᠢᠮ ᠲᠠᠢ ᠥᠷᠨᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠥᠷᠪᠡ ᠳᠤ | ︽ᠪᠡᠶ᠎ᠡ ᠶᠢᠨ ᠲᠠᠮᠢᠷ ᠤᠨ ᠬᠠᠤᠯᠢ︾ ᠶᠢ ᠢᠳᠡᠪᠬᠢᠲᠡᠢ ᠪᠠᠷ ᠤᠬᠠᠭᠤᠯᠵᠤ᠂ ᠲᠧᠯᠸᠢᠰ᠂ ᠰᠣᠨᠢᠨ᠂ ᠰᠦᠯᠵᠢᠶ᠎ᠡ ᠪᠣᠯᠣᠨ | ᠰᠢᠨ᠎ᠡ ᠵᠠᠭᠤᠴᠢᠯᠠᠭᠤᠷ ᠢ ᠠᠰᠢᠭᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠯᠠᠨ | ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ᠂ ᠡᠯᠭᠦᠭᠡ ᠵᠢᠷᠤᠭ᠂ ᠪᠢᠴᠢᠯ ᠬᠠᠷᠠᠭᠠᠨ ᠳᠠᠪᠲᠠᠮᠵᠢ ᠵᠡᠷᠭᠡ | ᠬᠡᠯᠪᠡᠷᠢ ᠪᠠᠷ ᠳᠠᠮᠵᠢᠭᠤᠯᠤᠨ᠂ ᠲᠤᠪᠴᠢᠶᠠᠨ ᠤ ᠪᠦᠬᠦ ᠰᠢᠰᠲ᠋ᠧᠮ ᠳᠤ ︽ᠪᠡᠶ᠎ᠡ ᠶᠢᠨ ᠲᠠᠮᠢᠷ ᠤᠨ ᠬᠠᠤᠯᠢ︾ ᠶᠢ | ᠰᠤᠷᠤᠯᠴᠠᠨ ᠤᠬᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠲᠦᠯᠬᠢᠨ ᠠᠬᠢᠭᠤᠯᠤᠨ᠎ᠠ | ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠠᠢ ᠮᠢᠨ᠂ ᠪᠠᠶᠢᠭᠤᠯᠤᠯᠭ᠎ᠠ ᠶᠢᠨ ᠭᠠᠵᠠᠷ ᠭᠡᠷ᠂ ᠡᠯ᠎ᠡ | ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |