︽ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠤᠯ︾ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ︽ᠥᠪᠥᠷ ᠮᠣᠩᠭᠤᠯ ᠢ ᠭᠡᠷᠡᠯᠳᠦᠭᠦᠯᠬᠦᠢ︾ ᠰᠦᠯᠵᠢᠶᠡᠨ ᠳᠡᠭᠡᠷᠡᠬᠢ ᠠᠯᠬᠤᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/7/11
   7 ᠰᠠᠷ᠎ᠠ ᠶᠢᠨ 9 ᠤ ᠡᠳᠦᠷ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠦ᠂ ᠰᠢᠨ᠎ᠡ ᠠᠶᠠᠨ ᠳᠤ ᠡᠷᠡᠯᠭᠡᠭᠯᠡᠨ ᠤᠷᠤᠭᠰᠢᠯᠠᠶ᠎ᠡ︾ ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠠᠯᠬᠤᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠶ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠪᠦᠦ ᠭᠦᠸᠧ ᠴᠢᠤᠸᠠᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ  ᠳᠠᠷᠤᠭ᠎ᠠ  ᠶᠢᠨ  ᠮᠠᠨᠰᠠᠩ  ᠶᠣᠰᠣᠯᠠᠯ  ᠳᠤ  ᠣᠷᠣᠯᠴᠠᠭᠰᠠᠨ  ᠪᠥᠭᠡᠳ ︽ᠥᠪᠥᠷ ᠮᠣᠩᠭᠤᠯ ᠢ ᠭᠡᠷᠡᠯᠳᠦᠭᠦᠯᠬᠦᠢ︾ ᠰᠦᠯᠵᠢᠶᠡᠨ ᠳᠡᠭᠡᠷᠡᠬᠢ ᠠᠯᠬᠤᠬᠤ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ᠃
    ᠲᠤᠰ ᠤᠳᠠᠭ᠎ᠠ ᠶᠢᠨ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯᠯᠠᠬᠤ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠵᠠᠰᠠᠭ ᠤᠨ ᠣᠷᠳᠣᠨ ᠤ ᠠᠯᠪᠠᠨ ᠲᠢᠩᠬᠢᠮ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠪᠣᠯᠣᠨ ᠡᠯ᠎ᠡ ᠰᠢᠭᠤᠳ ᠬᠠᠷᠢᠶ᠎ᠠ ᠨᠢᠭᠡᠴᠡ᠂ ᠨᠡᠶᠢᠭᠡᠮ ᠤᠨ ᠪᠦᠯᠬᠦᠮ ᠤᠨ 56 ᠪᠠᠭ ᠤᠨ 830 ᠭᠠᠷᠤᠢ ᠲᠠᠮᠢᠷᠴᠢᠨ ᠠᠵᠢᠯᠯᠠᠭ᠎ᠠ ᠳᠤ ᠣᠷᠣᠯᠴᠠᠵᠠᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠲᠡᠪᠡᠭ᠂ ᠬᠤᠣᠰ ᠬᠥᠮᠥᠨ ᠤ ᠳᠡᠭᠡᠰᠦ ᠦᠰᠦᠷᠬᠦ ᠵᠡᠷᠭᠡ ᠰᠢᠷᠢᠰ ᠥᠷᠢᠰᠦᠯᠳᠦᠭᠡᠨ ᠤ ᠤᠷᠤᠯᠳᠤᠭᠠᠨ ᠬᠦᠷ ᠬᠥᠭᠵᠢᠶᠡᠨ ᠲᠠᠢ ᠶᠠᠪᠤᠭᠳᠠᠪᠠ᠃ ᠲᠤᠬᠠᠢ ᠶᠢᠨ ᠡᠳᠦᠷ᠂ ᠡᠯ᠎ᠡ ᠪᠠᠭ ᠤᠨ ᠬᠢᠨ ᠬᠥᠮᠥᠨ ᠪᠦᠷᠢ ᠨᠠᠭᠠᠲᠤ ᠵᠠᠬ᠎ᠠ ᠳᠠᠭᠠᠨ 6000 ᠠᠯᠬᠤᠮ ᠠᠯᠬᠤᠬᠤ ᠬᠡᠷᠡᠭᠳᠡᠢ ᠃ ᠠᠵᠢᠯᠯᠠᠭ᠎ᠠ ᠶᠢᠨ ᠳᠦᠷᠢᠮ ᠢ ᠦᠨᠳᠦᠰᠦᠯᠡᠪᠡᠯ᠂ ᠪᠠᠭ ᠤᠨ ᠭᠡᠰᠢᠭᠦᠳ ᠠᠯᠬᠤᠬᠤ ᠪᠤᠶᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠤᠨᠢᠷᠬᠠᠯᠳᠦ ᠠᠵᠢᠯᠯᠠᠭ᠎ᠠ ᠳᠤ ᠣᠷᠤᠯᠴᠠᠬᠤ ᠪᠠᠷ ᠳᠡᠮᠵᠢᠨ ᠬᠤᠷᠠᠮᠳᠤᠭᠤᠯᠤᠭᠰᠠᠨ ᠠᠯᠬᠤᠮ ᠤᠨ ᠲᠤᠭ᠎ᠠ ᠶᠢ ᠪᠠᠭ ᠤᠨ ᠪᠥᠬᠦ ᠭᠡᠰᠢᠭᠦᠳ ᠤᠨ ᠬᠡᠷᠡᠭᠯᠡᠭᠰᠡᠨ ᠴᠠᠭ ᠤᠨ ᠳᠠᠷᠠᠭᠠᠯᠠᠯ ᠢᠶᠠᠷ ᠵᠢᠭᠰᠠᠭᠠᠵᠤ᠂ 103 ᠬᠤᠰᠢᠭᠤ ᠰᠢᠶᠠᠨ ᠲᠣᠭᠤᠷᠢᠭ ᠤᠨ ᠨᠤᠲᠤᠭ ᠳᠡᠪᠢᠰᠬᠡᠷ ᠢ ᠭᠡᠷᠡᠯᠳᠦᠭᠦᠯᠦᠭᠰᠡᠨ  ᠳᠤ ᠬᠡᠷᠡᠭᠯᠡᠬᠦ ᠴᠠᠭ ᠨᠢ  ᠬᠠᠮᠤᠭ ᠤᠨ ᠤᠬᠤᠷ ᠪᠤᠯ ᠢᠯᠠᠯᠳᠠ ᠤᠯᠤᠨ᠎ᠡ᠃ 10 ︽ᠰᠢᠯᠢᠳᠡᠭ ᠪᠠᠭ︾ ᠪᠠ 20       ︽ᠪᠡᠶ᠎ᠡ ᠴᠢᠭᠢᠷᠠᠭᠵᠢᠭᠤᠯᠬᠤ ᠭᠠᠷᠮᠠᠭᠠᠢ ᠬᠦᠮᠦᠨ︾ ᠢ ᠰᠢᠯᠭᠠᠷᠠᠭᠤᠯᠤᠨ ᠱᠠᠩᠨᠠᠨ᠎ᠠ᠃
    ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠣᠯᠣᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠠᠶᠢᠳᠠᠯ ᠳᠣᠣᠷᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠥᠷᠨᠢᠭᠦᠯᠦᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠣᠯᠠᠨ ᠲᠦᠮᠡᠨ ᠤ ᠥᠷᠭᠡᠨ ᠢᠶᠠᠷ ᠣᠷᠤᠯᠴᠠᠬᠤ ᠶᠢ ᠵᠣᠷᠢᠭᠵᠢᠭᠤᠯᠤᠨ᠂ ᠣᠯᠠᠨ ᠲᠦᠮᠡᠨ ᠤ ᠣᠯᠠᠨ ᠡᠰᠢᠵᠢᠭᠰᠡᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠰᠡᠯᠡᠭᠦᠴᠡᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ ᠲᠣᠰ ᠬᠤᠭᠤᠴᠠᠭᠠᠨ ᠤ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠬᠤᠬᠤ ᠠᠵᠢᠯᠯᠠᠭ᠎ᠠ  ᠨᠢ ᠣᠯᠠᠨ ᠲᠦᠮᠡᠨ ᠳᠤ ᠰᠦᠯᠵᠢᠶᠡᠨ ᠳᠡᠭᠡᠷ᠎ᠡ ᠤᠷᠤᠯᠳᠤᠬᠤ᠂ ᠬᠠᠷᠢᠯᠴᠠᠨ ᠦᠢᠯᠡᠳᠦᠯᠴᠡᠵᠦ ᠬᠠᠷᠢᠯᠴᠠᠨ ᠬᠠᠪᠰᠤᠷᠤᠯᠴᠠᠬᠤ ᠲᠣᠬᠢᠶᠠᠯ ᠬᠠᠩᠭᠠᠵᠤ᠂ ᠥᠷᠭᠡᠨ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢ ᠬᠥᠭᠡᠭᠡᠴᠡᠯᠳᠦᠬᠦ ᠬᠠᠯᠠᠭᠤᠨ ᠰᠡᠳᠬᠢᠯᠭᠡ ᠶᠢ ᠬᠦᠭᠵᠢᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号