ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2022/7/14
    7 ᠰᠠᠷ᠎ᠠ ᠶᠢᠨ 12 ᠤᠨ ᠡᠳᠦᠷ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠡᠵᠡᠨ ᠬᠤᠷᠤᠭ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠪᠢᠶᠠᠷᠢ ᠰᠤᠷᠭᠠᠭᠤᠯᠢ ᠠᠴᠠ ᠬᠠᠮᠵᠢᠨ ᠡᠷᠭᠢᠯᠡᠭᠰᠡᠨ 2021 ︱ 2022 ᠰᠤᠷᠤᠯᠭ᠎ᠠ ᠶᠢᠨ ᠣᠨ ᠤ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ᠂ ᠪᠥᠬᠦ ᠬᠤᠲᠠ ᠶᠢᠨ 8 ᠬᠤᠰᠢᠭᠤ ᠲᠣᠭᠤᠷᠢᠭ ᠤᠨ 26 ᠲᠥᠯᠥᠭᠡᠯᠡᠭᠴᠢᠳ ᠤᠨ ᠪᠠᠭ ᠤᠨ  198 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃     ᠤᠷᠤᠯᠳᠤᠭᠠᠨ ᠤ ᠬᠤᠭᠤᠴᠠᠭ᠎ᠠ ᠨᠢ 3 ᠡᠳᠦᠷ ᠪᠠᠶᠢᠵᠦ᠂ ᠤᠷᠤᠯᠳᠤᠭᠠᠨ ᠳᠤ ᠣᠷᠤᠯᠴᠠᠬᠤ ᠲᠠᠮᠢᠷᠴᠢᠳ ᠤᠨ ᠨᠠᠰᠤ ᠵᠢᠯ ᠢ ᠦᠨᠳᠦᠰᠦᠯᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠬᠥᠬᠡ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠬᠥᠬᠡᠭᠴᠢᠨ ᠳᠤᠭᠤᠶᠢᠯᠠᠩ ᠭᠡᠬᠦ ᠭᠤᠷᠪᠠᠨ ᠳᠤᠭᠤᠶᠢᠯᠠᠩ ᠲᠣᠬᠢᠷᠠᠭᠤᠯᠵᠤ᠂ ᠡᠷᠡᠭᠲᠡᠢ ᠶᠢᠨ ᠳ᠋ᠠᠩ ᠢᠶᠠᠷ ᠴᠣᠬᠢᠬᠤ᠂ ᠡᠮᠡᠭᠲᠡᠢ ᠶᠢᠨ ᠳ᠋ᠠᠩ ᠢᠶᠠᠷ ᠴᠣᠬᠢᠬᠤ᠂ ᠡᠷᠡᠭᠲᠡᠢ ᠶᠢᠨ ᠪᠦᠯᠬᠦᠮ ᠶᠢᠨ ᠤᠷᠤᠯᠳᠤᠭᠠᠨ᠂ ᠡᠮᠡᠭᠲᠡᠢ ᠶᠢᠨ ᠪᠦᠯᠬᠦᠮ ᠶᠢᠨ ᠤᠷᠤᠯᠳᠤᠭᠠᠨ ᠭᠡᠬᠦ ᠳᠥᠷᠪᠡᠨ ᠤᠷᠤᠯᠳᠤᠭᠠᠨ ᠢ ᠲᠤᠬᠢᠷᠠᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号