ᠶᠢᠨ ᠮᠠᠨᠰᠠᠩ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/7/20
    7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠶᠢᠨ ᠮᠠᠨᠰᠠᠩ ᠤᠷᠢᠳ ᠬᠤᠵᠢᠳ ᠪᠤᠭᠤᠲᠤ ᠬᠤᠲᠠ ᠶᠢᠨ ᠣᠯᠢᠮᠫᠢᠺ ᠤᠨ ᠴᠡᠴᠡᠷᠯᠢᠭ᠂ ᠵᠢᠨᠯᠢᠨ ᠴᠡᠴᠡᠷᠯᠢᠭ ᠲᠤ ᠬᠦᠷᠴᠦ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠠᠶᠢᠷᠢᠰᠢᠭᠤᠯᠤᠯᠲᠠ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ᠂ ᠬᠠᠮᠢᠶᠠᠷᠤᠯᠲᠠ ᠶᠢᠨ ᠵᠠᠭᠪᠤᠷ ᠵᠢᠴᠢ ᠲᠠᠯᠠᠪᠠᠶ ᠣᠷᠳᠣᠨ ᠤ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
    ᠶᠢᠨ ᠮᠠᠨᠰᠠᠩ ᠴᠢᠬᠤᠯᠠᠴᠢᠯᠠᠬᠤ ᠳᠠᠭᠠᠨ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠣᠯ ︽ᠣᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠳᠤ ᠬᠠᠮᠢᠭ᠎ᠠ ᠣᠴᠢᠬᠤ︾ ᠶᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠮᠥᠨ᠂ ᠬᠥᠮᠥᠨ ᠳᠤᠮᠳᠠᠴᠢ ᠶᠢᠨ ᠲᠡᠭᠰᠢᠳᠬᠡᠭᠰᠡᠨ ᠲᠠᠯᠠᠪᠠᠶ 2.6 ᠲᠡᠭᠰᠢ ᠳᠥᠷᠪᠡᠯᠵᠢᠨ ᠮᠧᠲᠷ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ 38.5% ᠳᠤ ᠬᠦᠷᠬᠦ ᠵᠡᠷᠭᠡ ᠬᠠᠷᠠᠯᠲᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠠᠵᠦ ᠠᠬᠤᠢ ᠶᠢᠨ ᠲᠠᠯ᠎ᠠ  ᠪᠠᠷ ᠲᠤᠬᠢᠷᠠᠮᠵᠢᠳᠠᠢ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ᠂ ᠡᠷᠬᠡ ᠲᠡᠭᠰᠢ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠪᠠᠷ ᠬᠥᠭᠵᠢᠭᠦᠯᠬᠦ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠣᠯᠠᠨ ᠲᠠᠯ᠎ᠠ ᠶᠢᠨ ᠬᠢᠨ ᠣᠷᠤᠯᠴᠠᠬᠤ ᠵᠠᠷᠴᠢᠮ ᠢ ᠪᠠᠷᠢᠮᠲᠠᠯᠠᠨ᠂ ᠡᠩ ᠲᠡᠷᠢᠭᠦᠨ ᠳᠤ ᠪᠠᠶᠢᠷᠢᠰᠢᠭᠤᠯᠵᠤ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠨ᠂ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠠᠷᠠᠳ ᠢᠷᠭᠡᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ ᠭᠡᠪᠡ᠃
    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠶᠢᠨ ᠮᠠᠨᠰᠠᠩ ᠪᠠᠰᠠ ᠪᠤᠭᠤᠲᠤ ᠬᠤᠳᠠ ᠶᠢᠨ ᠪᠡᠶ᠎ᠡ ᠶᠢᠨ ᠲᠠᠮᠢᠷ ᠤᠨ ᠲᠥᠪ ᠤᠨ ᠭᠡᠷ ᠳᠣᠲᠣᠷᠠᠬᠢ ᠮᠥᠰᠥ ᠲᠡᠰᠢᠯᠲᠡ ᠶᠢᠨ ᠣᠷᠳᠣᠨ ᠤ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠭᠡᠷ᠂ ᠪᠤᠭᠤᠲᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠥᠮᠥᠰ ᠪᠠᠷ᠎ᠠ ᠪᠣᠯᠵᠤ ᠣᠷᠣᠯᠴᠠᠵᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号