ᠦᠰᠦᠭ ᠪᠢᠴᠢᠭ ᠤᠨ ᠲᠡᠶᠢᠯᠦᠮᠵᠢ᠄ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ ᠲᠦᠷᠢᠮᠵᠢᠯ ᠤᠨ ᠬᠦᠴᠦᠨ ᠢ ᠴᠢᠩᠭᠠᠷᠠᠭᠤᠯᠤᠨ᠎ᠡ
ᠨᠡᠶᠢᠲᠡᠯᠡᠭᠰᠡᠨ ᠴᠠᠭ᠄
2022/7/20
     1995 ᠣᠨ ᠳᠤ ︽ᠪᠥᠬᠦᠳᠡ ᠨᠠᠶᠢᠷᠠᠮᠳᠠᠬᠤ  ᠳᠤᠮᠳᠠᠳᠤ  ᠠᠷᠠᠳ  ᠤᠯᠤᠰ  ᠤᠨ  ᠪᠡᠶ᠎ᠡ  ᠶᠢᠨ  ᠲᠠᠮᠢᠷ   ᠤᠨ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠠᠤᠯᠢᠵᠢᠬᠤ ᠠᠬᠢᠴᠠ ᠶᠢ ᠲᠦᠯᠬᠢᠨ ᠠᠬᠢᠭᠤᠯᠪᠠ᠃ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠤᠤᠯ ᠤᠨ ᠪᠡᠶ᠎ᠡ ᠶᠢᠨ ᠲᠠᠮᠢᠷ ᠤᠨ ᠬᠠᠤᠯᠢ ᠨᠢ ᠪᠡᠶ᠎ᠡ ᠶᠢᠨ ᠲᠠᠮᠢᠷ ᠤᠨ ᠪᠣᠳᠠᠲᠤ ᠬᠡᠷᠡᠭᠴᠡᠭᠡ ᠶᠢ ᠭᠦᠢᠴᠡᠳ ᠬᠠᠩᠭᠠᠵᠤ ᠳᠡᠶᠢᠯᠬᠦ ᠦᠭᠡᠢ ᠪᠤᠯᠤᠭᠰᠠᠨ ᠡᠯ᠎ᠡ ᠵᠦᠢᠯ ᠤᠨ ᠪᠠᠶᠢᠳᠠᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃ ᠡᠭᠦᠨ ᠳᠤ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠵᠢᠷᠤᠮᠵᠢᠯ ᠤᠨ ᠯᠣᠭᠢᠭ ᠤᠨ ᠪᠦᠲᠦᠴᠡ ᠪᠦᠷᠢᠨ ᠪᠤᠰᠤ᠂ ᠪᠡᠶ᠎ᠡ ᠶᠢᠨ ᠲᠠᠮᠢᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠠᠴᠠ ᠪᠦᠲᠦᠮᠵᠢᠲᠡᠶ ᠪᠠᠷ ᠬᠠᠷᠢᠭᠤᠴᠠᠯᠭ᠎ᠠ ᠨᠡᠬᠡᠮᠵᠢᠯᠡᠬᠦ ᠶᠢᠨ ᠠᠷᠭ᠎ᠠ ᠦᠭᠡᠢ ᠪᠠᠶᠢᠬᠤ ᠪᠣᠯ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠪᠣᠯᠣᠨ᠎ᠠ᠃     ᠤᠤᠯ ᠤᠨ ᠪᠡᠶ᠎ᠡ ᠶᠢᠨ ᠲᠠᠮᠢᠷ ᠤᠨ ᠬᠠᠤᠯᠢ ᠳᠤ ︽ᠬᠠᠤᠯᠢ ᠶᠢᠨ ᠬᠠᠷᠢᠭᠤᠴᠠᠯᠭ᠎ᠠ︾  ᠶᠢᠨ ᠲᠤᠰᠬᠠᠢ ᠪᠦᠯᠦᠭ ᠭᠠᠷᠭᠠᠨ᠂ ᠨᠡᠶᠢᠳᠠ ᠵᠢᠷᠭᠤᠭᠠᠨ ᠵᠦᠢᠯ ᠵᠤᠷᠪᠤᠰ ᠲᠠᠢ᠃ ᠭᠤᠣᠯᠳᠠᠭᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠳᠤᠮᠳᠠᠬᠢ ᠬᠤᠳᠠᠯ ᠬᠠᠭᠤᠷᠮᠠᠭ ᠠᠵᠢᠯᠯᠠᠭ᠎ᠠ᠂ ᠤᠷᠤᠯᠳᠤᠭᠠᠨ ᠤ ᠪᠡᠶ᠎ᠡ ᠶᠢᠨ ᠲᠠᠮᠢᠷ ᠢ ᠠᠰᠢᠭᠯᠠᠨ ᠵᠣᠭᠤᠰ ᠨᠠᠭᠠᠳᠬᠤ ᠵᠡᠷᠭᠡ ᠠᠵᠢᠯᠯᠠᠭ᠎ᠠ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠴᠠᠭᠠᠵᠠᠲᠠᠢ ᠡᠮ ᠪᠠ ᠠᠷᠭ᠎ᠠ ᠶᠢ ᠬᠡᠷᠡᠭᠯᠡᠭᠰᠡᠨ ᠠᠵᠢᠯᠯᠠᠭ᠎ᠠ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠡᠵᠡᠯᠡᠨ ᠠᠪᠤᠭᠰᠠᠨ ᠪᠠ ᠡᠪᠳᠡᠭᠰᠡᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠦ ᠡᠷᠢᠵᠦ ᠬᠡᠷᠡᠭ ᠡᠳᠦᠭᠰᠡᠨ᠂ ᠤᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠵᠢᠴᠢ ᠪᠡᠶ᠎ᠡ ᠶᠢᠨ ᠲᠠᠮᠢᠷ ᠤᠨ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ᠂ ᠳᠠᠷᠤᠵᠤ ᠠᠪᠤᠭᠰᠠᠨ ᠵᠡᠷᠭᠡ ᠠᠵᠢᠯᠯᠠᠭ᠎ᠠ ᠳᠤ ᠦᠭᠡᠶᠢᠰᠬᠡᠬᠦ ᠴᠢᠨᠠᠷᠲᠠᠢ ᠬᠠᠤᠯᠢ ᠴᠠᠭᠠᠵᠠ ᠶᠢᠨ ᠦᠷ᠎ᠡ ᠳ᠋ᠦᠩ ᠢ ᠲᠣᠭᠲᠠᠭᠠᠵᠠᠢ᠃ ᠡᠳᠡᠭᠡᠷ ᠵᠦᠢᠯ ᠵᠤᠷᠪᠤᠰ ᠤᠨ ᠲᠤᠭ᠎ᠠ ᠬᠡᠮᠵᠢᠶ᠎ᠡ ᠨᠢ ᠨᠡᠯᠢᠶᠡᠳ ᠴᠥᠭᠡᠨ ᠪᠥᠭᠡᠳ ᠪᠦᠬᠦᠶᠢᠯᠡ ᠬᠠᠤᠯᠢ ᠴᠠᠭᠠᠵᠠ ᠳᠠᠬᠢ ᠦᠢᠯᠡ ᠠᠵᠢᠯᠯᠠᠭ᠎ᠠ ᠶᠢᠨ ᠬᠡᠪ ᠵᠠᠭᠪᠤᠷ ᠲᠠᠢ ᠲᠣᠬᠢᠷᠠᠯᠴᠠᠬᠤ ᠶᠢᠨ ᠠᠷᠭ᠎ᠠ ᠦᠭᠡᠢ ᠪᠠᠶᠢᠵᠤ᠂ ᠬᠤᠯᠪᠣᠭᠳᠠᠯ ᠪᠦᠬᠦᠢ ᠪᠡᠶᠡᠴᠢ ᠴᠣᠭᠴᠠ ᠶᠢᠨ ᠬᠠᠤᠯᠢ ᠴᠠᠭᠠᠵᠠ ᠶᠢᠨ ᠡᠭᠦᠷᠭᠡ ᠶᠢ ᠪᠣᠳᠠᠲᠠᠢ ᠪᠠᠷ ᠭᠦᠢᠴᠡᠳᠬᠡᠬᠦ ᠶᠢ ᠪᠠᠲᠤᠯᠠᠬᠤ ᠳᠤ ᠪᠡᠷᠬᠡᠲᠡᠢ ᠪᠠᠶᠢᠳᠠᠭ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠬᠠᠤᠯᠢ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ ᠡᠨᠡ ᠬᠦ ᠠᠰᠠᠭᠤᠳᠠᠯ ᠳᠤ ᠨᠡᠯᠢᠶᠡᠳ ᠰᠠᠶᠢᠨ ᠬᠠᠷᠢᠭᠤᠯᠲᠠ ᠥᠭᠭᠦᠭᠰᠡᠨ ᠪᠠᠶᠢᠨ᠎ᠠ᠃      ᠨᠢᠭᠡ᠂ ᠬᠡᠷᠡᠭᠯᠡᠬᠦ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠬᠠᠤᠯᠢ ᠶᠢᠨ ᠠᠯᠪᠠᠳᠠᠯᠭ᠎ᠠ ᠶᠢᠨ ᠬᠦᠴᠦᠨ ᠢ ᠲᠡᠭᠡᠭᠰᠢᠯᠡᠭᠦᠯᠪᠡ     ᠪᠡᠶ᠎ᠡ ᠶᠢᠨ ᠲᠠᠮᠢᠷ ᠤᠨ ᠬᠠᠤᠯᠢ ᠨᠢ ᠡᠯ᠎ᠡ ᠲᠦᠷᠦᠯ ᠤᠨ ᠪᠡᠶ᠎ᠡ ᠶᠢᠨ ᠲᠠᠮᠢᠷ ᠨᠡᠶᠢᠭᠡᠮ ᠤᠨ ᠬᠠᠷᠢᠴᠠᠭ᠎ᠠ ᠶᠢ ᠪᠦᠬᠦ ᠲᠠᠯ᠎ᠠ ᠪᠠᠷ ᠲᠣᠬᠢᠷᠠᠭᠤᠯᠬᠤ ᠲᠤᠰᠬᠠᠢ ᠬᠠᠤᠯᠢ ᠴᠠᠭᠠᠵᠠ ᠪᠣᠯᠤᠭᠰᠠᠨ ᠤ ᠬᠤᠪᠢ ᠳᠤ᠂ ᠲᠡᠭᠦᠨ ᠢ ᠪᠦᠲᠦᠮᠵᠢᠲᠡᠶ ᠪᠠᠷ ᠬᠡᠷᠡᠭᠵᠢᠭᠦᠯᠬᠦ ᠨᠢ ᠵᠣᠬᠢᠬᠤ ᠤᠳᠬ᠎ᠠ ᠠᠭᠤᠯᠭ᠎ᠠ ᠠᠴᠠ ᠠᠪᠴᠤ ᠬᠡᠯᠡᠪᠡᠯ ᠬᠠᠤᠯᠢ ᠶᠢᠨ ᠬᠠᠷᠢᠭᠤᠴᠠᠯᠭ᠎ᠠ ᠶᠢᠨ ᠲᠣᠭᠲᠠᠭᠠᠯ ᠤᠨ ᠵᠦᠢ ᠵᠤᠬᠢᠰᠳᠠᠢ ᠴᠢᠨᠠᠷ ᠪᠤᠯᠤᠨ᠎ᠡ᠃ ᠤᠤᠯ ᠤᠨ ᠪᠡᠶ᠎ᠡ ᠶᠢᠨ ᠲᠠᠮᠢᠷ ᠤᠨ ᠬᠠᠤᠯᠢ ᠶᠢᠨ ᠬᠠᠤᠯᠢ ᠶᠢᠨ ᠬᠠᠷᠢᠭᠤᠴᠠᠯᠭ᠎ᠠ ᠶᠢᠨ ᠵᠦᠢᠯ ᠵᠤᠷᠪᠤᠰ ᠨᠢ ᠭᠤᠣᠯᠳᠠᠭᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠦᠷᠢᠶᠡᠨ ᠳᠤ ᠲᠥᠪᠯᠡᠷᠡᠵᠦ᠂ ᠪᠤᠰᠤᠳ ᠬᠦᠷᠢᠶᠡᠨ ᠳᠤ᠂ ᠢᠯᠠᠩᠭᠤᠶ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯ᠎ᠠ ᠶᠢᠨ ᠲᠣᠭᠲᠠᠭᠠᠯ ᠨᠢ ᠢᠯᠡᠳᠲᠡ ᠬᠦᠷᠦᠯᠴᠡᠬᠦ ᠦᠭᠡᠢ᠃ ᠵᠢᠱᠢᠶᠡᠯᠡᠪᠡᠯ ︽ᠰᠤᠷᠭᠠᠭᠤᠯᠢ ᠶᠢᠨ ᠪᠡᠶ᠎ᠡ ᠶᠢᠨ ᠲᠠᠮᠢᠷ︾ ᠤᠨ ᠪᠦᠯᠦᠭ ᠤᠨ ᠲᠤᠯᠤᠭᠠᠨ ᠵᠦᠢᠯ ᠵᠤᠷᠪᠤᠰ ᠲᠤ ᠴᠥᠮ ︽ᠶᠣᠰᠣᠲᠠᠢ ᠪᠠᠷ︾ ︽ᠡᠷᠬᠡᠪᠰᠢ︾ ᠭᠡᠬᠦ ᠮᠡᠲᠦ ᠶᠢᠨ ᠦᠭᠡ ᠬᠡᠯᠡᠯᠭᠡ ᠪᠠᠷ ᠬᠤᠯᠪᠣᠭᠳᠠᠯ ᠪᠦᠬᠦᠢ ᠪᠡᠶᠡᠴᠢ ᠴᠣᠭᠴᠠ ᠳᠤ ᠬᠠᠤᠯᠢ ᠴᠠᠭᠠᠵᠠ ᠶᠢᠨ ᠡᠭᠦᠷᠭᠡ ᠲᠣᠭᠲᠠᠭᠠᠭᠰᠠᠨ ᠪᠣᠯᠪᠠᠴᠤ ᠬᠠᠷᠠᠭᠠᠯᠵᠠᠭᠰᠠᠨ ᠶᠠᠮᠠᠷᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠵᠦᠢᠯ ᠵᠤᠷᠪᠤᠰ ᠪᠠᠶᠢᠬᠤ ᠦᠭᠡᠢ ᠪᠣᠯᠬᠤᠷ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠬᠠᠤᠯᠢ ᠴᠠᠭᠠᠵᠠ ᠶᠢᠨ ᠳᠦᠷᠢᠮ ᠢ ᠪᠦᠲᠦᠮᠵᠢᠲᠡᠶ ᠬᠡᠷᠡᠭᠵᠢᠭᠦᠯᠬᠦ ᠳᠤ ᠠᠯᠪᠠᠳᠠᠯᠭ᠎ᠠ ᠶᠢᠨ ᠪᠠᠲᠤᠯᠠᠭ᠎ᠠ ᠬᠠᠩᠭᠠᠬᠤ ᠳᠤ ᠪᠡᠷᠬᠡᠲᠡᠢ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ ᠵᠢᠴᠢ ᠬᠥᠭᠡᠷᠦᠭᠦᠯᠬᠦ ᠡᠮ ᠢ ᠡᠰᠡᠷᠭᠦᠴᠡᠬᠦ᠂ ᠬᠢᠨᠠᠯᠲᠠ ᠬᠠᠮᠢᠶᠠᠷᠤᠯᠲᠠ ᠵᠡᠷᠭᠡ ᠪᠦᠯᠦᠭ ᠬᠡᠰᠡᠭ ᠤᠨ ᠬᠠᠤᠯᠢ ᠴᠠᠭᠠᠵᠠ ᠶᠢᠨ ᠡᠭᠦᠷᠭᠡ ᠶᠢᠨ ᠵᠦᠢᠯ ᠵᠤᠷᠪᠤᠰ ᠲᠠᠢ ᠵᠣᠬᠢᠴᠠᠭᠤᠯᠵᠤ᠂ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠶᠢᠨ ᠠᠭᠤᠯᠭ᠎ᠠ ᠶᠢ ᠨᠡᠮᠡᠵᠦ᠂ ᠯᠣᠭᠢᠭ ᠤᠨ ᠪᠦᠲᠦᠴᠡ ᠪᠠᠷ ᠪᠦᠷᠢᠨ ᠪᠦᠲᠦᠨ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠵᠢᠷᠤᠮᠵᠢᠯ ᠢᠶᠠᠷ ᠪᠡᠶ᠎ᠡ ᠶᠢᠨ ᠲᠠᠮᠢᠷ ᠤᠨ ᠬᠠᠤᠯᠢ ᠶᠢᠨ ᠠᠯᠪᠠᠳᠠᠯᠭ᠎ᠠ ᠶᠢᠨ ᠴᠢᠨᠠᠷ ᠪᠠ ᠬᠡᠷᠡᠭᠵᠢᠭᠦᠯᠬᠦ ᠴᠢᠨᠠᠷ ᠢ ᠢᠯᠡᠷᠡᠭᠦᠯᠪᠡ᠃     ᠬᠤᠶᠠᠷ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ     ᠬᠠᠤᠯᠢ ᠶᠢᠨ ᠬᠠᠷᠢᠭᠤᠴᠠᠯᠭ᠎ᠠ ᠪᠣᠯ ᠬᠠᠷᠢᠭᠤᠴᠠᠯᠭ᠎ᠠ ᠲᠠᠢ ᠪᠡᠶᠡᠴᠢ ᠴᠣᠭᠴᠠ ᠶᠢᠨ ᠬᠠᠤᠯᠢ ᠴᠠᠭᠠᠵᠠ ᠶᠢᠨ ᠡᠭᠦᠷᠭᠡ ᠶᠢ ᠵᠥᠷᠢᠴᠡᠭᠰᠡᠨ ᠪᠣᠳᠠᠲᠤ ᠬᠡᠷᠡᠭ ᠠᠴᠠ ᠪᠣᠯᠵᠤ ᠡᠭᠦᠷᠭᠡᠯᠡᠬᠦ ᠶᠣᠰᠣᠲᠠᠢ ᠲᠤᠰᠬᠠᠢ ᠲᠦᠷᠦ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠨᠤᠲᠠᠯᠠᠨ ᠵᠥᠪᠰᠢᠶᠡᠷᠡᠭᠰᠡᠨ ᠪᠥᠭᠡᠳ ᠠᠯᠪᠠᠳᠠᠭᠰᠠᠨ ᠪᠤᠶᠤ ᠬᠦᠯᠢᠶᠡᠭᠰᠡᠨ ᠵᠦᠢ ᠵᠣᠬᠢᠰᠲᠠᠢ ᠡᠭᠦᠷᠭᠡᠯᠡᠯ ᠮᠥᠨ᠃ ᠡᠭᠦᠷᠭᠡᠯᠡᠬᠦ ᠭᠤᠣᠯ ᠴᠣᠭᠴᠠ ᠶᠢ ᠲᠣᠳᠣᠷᠬᠠᠶᠢᠯᠠᠬᠤ ᠪᠣᠯ ᠪᠡᠶ᠎ᠡ ᠶᠢᠨ ᠲᠠᠮᠢᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠵᠠᠭᠠᠷᠯᠠᠵᠤ᠂ ᠪᠡᠶ᠎ᠡ ᠶᠢᠨ ᠲᠠᠮᠢᠷ ᠤᠨ ᠬᠠᠤᠯᠢ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠡᠮᠡᠭᠳᠡᠭᠦᠯᠬᠦ ᠶᠢᠨ ᠦᠨᠳᠦᠰᠦᠨ ᠱᠠᠭᠠᠷᠳᠠᠯᠭ᠎ᠠ ᠪᠣᠯᠣᠨ᠎ᠠ᠃ ᠪᠡᠶ᠎ᠡ ᠶᠢᠨ ᠲᠠᠮᠢᠷ ᠤᠨ ᠬᠠᠤᠯᠢ ᠶᠢᠨ ᠲᠣᠬᠢᠷᠠᠭᠤᠯᠤᠭᠰᠠᠨ ᠨᠡᠶᠢᠭᠡᠮ ᠤᠨ ᠬᠠᠷᠢᠴᠠᠭ᠎ᠠ ᠨᠢ ᠶᠡᠷᠦᠩᠬᠡᠶᠢᠯᠡᠭᠰᠡᠨ ᠴᠢᠨᠠᠷᠲᠠᠢ ᠪᠣᠯᠬᠤᠷ ᠪᠡᠶ᠎ᠡ ᠶᠢᠨ ᠲᠠᠮᠢᠷ ᠤᠨ ᠬᠠᠤᠯᠢ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠨᠢ ᠴᠦ ᠤᠯᠡᠠ ᠡᠰᠢᠲᠦ ᠴᠢᠨᠠᠷᠲᠠᠢ ᠪᠠᠶᠢᠳᠠᠭ᠃ ᠡᠭᠦᠨ ᠳᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠡᠶᠡᠴᠢ ᠴᠣᠭᠴᠠ ᠵᠢᠴᠢ ᠲᠡᠭᠦᠨ ᠤ ᠠᠵᠢᠯᠲᠠᠨ ᠢ ᠪᠠᠭᠲᠠᠭᠠᠬᠤ ᠮᠥᠷᠲᠡᠭᠡᠨ ᠪᠠᠰᠠ ᠲᠠᠮᠢᠷᠴᠢᠨ᠂ ᠲᠠᠰᠬᠠᠯᠵᠢᠭᠤᠯᠤᠭᠴᠢ᠂ ᠬᠢᠨᠠᠭᠴᠢ ᠵᠡᠷᠭᠡ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠰᠠᠳ ᠢ ᠪᠠᠭᠲᠠᠭᠠᠨ᠎ᠠ᠂ ᠡᠭᠦᠨ ᠠᠴᠠ ᠭᠠᠳᠠᠨ᠎ᠠ ᠪᠠᠰᠠ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ᠂ ᠰᠤᠷᠭᠠᠭᠤᠯᠢ ᠵᠡᠷᠭᠡ ᠠᠰᠢᠭ ᠬᠤᠨᠵᠢᠪᠤᠷᠢ ᠶᠢᠨ ᠪᠤᠰᠤ ᠬᠠᠤᠯᠢ ᠶᠢᠨ ᠡᠷᠬᠡᠲᠡᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠳᠡᠯᠭᠡᠭᠡᠨ ᠤ ᠵᠣᠬᠢᠶᠠᠨ ᠪᠠᠶᠢᠭᠤᠯᠤᠭᠴᠢ᠂ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠡᠵᠡᠩᠨᠡᠭᠴᠢ ᠵᠡᠷᠭᠡ ᠢᠷᠭᠡᠨ ᠤ ᠬᠡᠷᠡᠭ ᠤᠨ ᠪᠡᠶᠡᠴᠢ ᠴᠣᠭᠴᠠ ᠶᠢ ᠪᠠᠭᠲᠠᠭᠠᠨ᠎ᠠ᠃ ᠡᠳᠡᠭᠡᠷ ᠬᠠᠤᠯᠢ ᠴᠠᠭᠠᠵᠠ ᠶᠢᠨ ᠪᠡᠶᠡᠴᠢ ᠴᠣᠭᠴᠠ ᠨᠤᠭᠤᠳ ᠪᠡᠶ᠎ᠡ ᠶᠢᠨ ᠲᠠᠮᠢᠷ ᠤᠨ ᠪᠣᠳᠠᠲᠠᠢ ᠬᠠᠤᠯᠢ ᠴᠠᠭᠠᠵᠠ ᠶᠢᠨ ᠬᠠᠷᠢᠴᠠᠭ᠎ᠠ ᠳᠤ ᠣᠷᠤᠯᠴᠠᠬᠤ ᠳᠠᠭᠠᠨ ᠡᠷᠬᠡ ᠪᠠᠨ ᠡᠳ᠋ᠯᠡᠵᠦ᠂ ᠡᠭᠦᠷᠭᠡ ᠪᠠᠨ ᠭᠦᠢᠴᠡᠳᠬᠡᠬᠦ ᠶᠢᠨ ᠬᠠᠮᠲᠤ ᠪᠠᠰᠠ ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠤᠤᠯ ᠤᠨ ᠪᠡᠶ᠎ᠡ ᠶᠢᠨ ᠲᠠᠮᠢᠷ ᠤᠨ ᠬᠠᠤᠯᠢ ᠳᠤ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢᠨ ᠲᠣᠭᠲᠠᠭᠠᠯ ᠤᠨ ᠲᠠᠯ᠎ᠠ ᠪᠠᠷ ᠵᠣᠬᠢᠬᠤ ᠬᠡᠮᠵᠢᠶᠡᠨ ᠤ ᠳᠤᠲᠠᠭᠤᠳᠠᠯ ᠣᠷᠣᠰᠢᠵᠤ᠂ ᠲᠥᠷᠥ ᠶᠢᠨ ᠠᠵᠢᠯᠲᠠᠨ ᠤ ᠳᠣᠲᠣᠷᠠᠬᠢ ᠰᠢᠭᠤᠳ ᠬᠠᠷᠢᠭᠤᠴᠠᠯᠭ᠎ᠠ ᠲᠠᠢ ᠬᠥᠮᠥᠰ ᠤᠨ ᠬᠠᠤᠯᠢ ᠶᠢᠨ ᠬᠠᠷᠢᠭᠤᠴᠠᠯᠭ᠎ᠠ ᠶᠢ ᠴᠢᠬᠤᠯᠠᠴᠢᠯᠠᠭᠰᠠᠨ᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠤ ᠬᠠᠤᠯᠢ ᠶᠢᠨ ᠬᠠᠷᠢᠭᠤᠴᠠᠯᠭ᠎ᠠ ᠶᠢ ᠲᠣᠭᠲᠠᠭᠠᠭᠰᠠᠨ ᠢᠶᠠᠷ ᠬᠦᠷᠦᠯᠴᠡᠬᠦ ᠦᠭᠡᠢ ᠵᠡᠷᠭᠡ ᠪᠠᠶᠢᠳᠠᠯ ᠣᠷᠣᠰᠢᠵᠤ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ᠂ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠵᠢᠴᠢ ᠲᠠᠮᠢᠷᠴᠢᠨ᠂ ᠲᠠᠰᠬᠠᠯᠵᠢᠭᠤᠯᠤᠭᠴᠢ᠂ ᠬᠢᠨᠠᠭᠴᠢ ᠵᠡᠷᠭᠡ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠳᠬᠡᠯ ᠳᠤ ᠲᠦᠷᠦ ᠶᠢᠨ ᠪᠠᠶᠢᠭᠤᠯᠭ᠎ᠠ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ᠂ ᠰᠤᠷᠭᠠᠭᠤᠯᠢ ᠶᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠯᠠᠷᠠᠭᠤᠯᠤᠭᠤᠯᠬᠤ ᠵᠡᠷᠭᠡ ᠠᠭᠤᠯᠭ᠎ᠠ ᠶᠢ ᠨᠥᠬᠦᠪᠦᠷᠢᠯᠡᠨ ᠲᠣᠭᠲᠠᠭᠠᠵᠤ᠂ ᠠᠳᠠᠯᠢ ᠪᠤᠰᠤ ᠪᠡᠶᠡᠴᠢ ᠴᠣᠭᠴᠠ ᠶᠢᠨ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠪᠡᠶ᠎ᠡ ᠶᠢᠨ ᠲᠠᠮᠢᠷ ᠤᠨ ᠬᠠᠤᠯᠢ ᠶᠢ ᠦᠢᠯᠡᠳᠦᠯᠭᠡ ᠶᠢᠨ ᠳᠤᠮᠳᠠ ᠣᠨᠣᠪᠴᠢᠲᠠᠶ ᠬᠡᠷᠡᠭᠯᠡᠬᠦ ᠳᠤ ᠠᠰᠢᠭᠲᠠᠢ ᠪᠣᠯᠭᠠᠵᠠᠢ᠃     ᠭᠤᠷᠪᠠ᠂ ᠬᠠᠷᠢᠭᠤᠴᠠᠯᠭ᠎ᠠ ᠶᠢᠨ ᠬᠡᠯᠪᠡᠷᠢ ᠶᠢ ᠨᠡᠮᠡᠨ ᠲᠣᠭᠲᠠᠭᠠᠵᠤ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ     ᠪᠡᠶ᠎ᠡ ᠶᠢᠨ ᠲᠠᠮᠢᠷ ᠤᠨ ᠨᠡᠶᠢᠭᠡᠮᠴᠢᠯᠡᠯᠲᠡ᠂ ᠵᠠᠬ᠎ᠠ ᠳᠡᠯᠭᠡᠭᠦᠷᠴᠢᠯᠡᠯᠲᠡ ᠶᠢᠨ ᠬᠥᠭᠵᠢᠯᠲᠡ ᠶᠢ ᠳᠠᠭᠠᠯᠳᠤᠨ᠂ ᠪᠡᠶ᠎ᠡ ᠶᠢᠨ ᠲᠠᠮᠢᠷ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠨᠡᠶᠢᠭᠡᠮ ᠤᠨ ᠬᠠᠷᠢᠴᠠᠭ᠎ᠠ ᠡᠳᠦᠷ ᠢᠷᠡᠬᠦᠶ᠎ᠡ ᠪᠤᠳᠤᠯᠢᠶᠠᠨᠲᠠᠢ ᠪᠣᠯᠵᠤ᠂ ᠬᠠᠤᠯᠢ ᠴᠠᠭᠠᠵᠠ ᠶᠢᠨ ᠳᠦᠷᠢᠮ ᠲᠣᠭᠲᠠᠭᠠᠯ ᠤᠨ ᠠᠷᠭ᠎ᠠ ᠮᠠᠶ᠋ᠢᠭ ᠵᠢᠴᠢ ᠬᠠᠤᠯᠢ ᠶᠢᠨ ᠬᠠᠷᠢᠭᠤᠴᠠᠯᠭ᠎ᠠ ᠶᠢᠨ ᠬᠡᠯᠪᠡᠷᠢ ᠶᠢᠨ ᠣᠯᠠᠨ ᠶᠠᠩᠵᠤᠴᠢᠯᠠᠯᠲᠠ ᠶᠢᠨ ᠰᠢᠨ᠎ᠡ ᠱᠠᠭᠠᠷᠳᠠᠯᠭ᠎ᠠ ᠶᠢ ᠪᠣᠶ ᠪᠣᠯᠭᠠᠭᠰᠠᠨ ᠪᠠᠶᠢᠨ᠎ᠠ᠃ ᠤᠤᠯ ᠤᠨ ᠪᠡᠶ᠎ᠡ ᠲᠠᠮᠢᠷ ᠤᠨ ᠬᠠᠤᠯᠢ ᠶᠢᠨ ᠬᠠᠷᠢᠭᠤᠴᠠᠯᠭ᠎ᠠ ᠶᠢᠨ ᠬᠡᠯᠪᠡᠷᠢ ᠨᠢ ᠨᠡᠯᠢᠶᠡᠳ ᠳᠠᠩ ᠴᠤᠯᠭᠤᠢ᠂ ᠡᠭᠦᠨ ᠳᠤ ᠭᠤᠣᠯᠳᠠᠭᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠷᠯᠢᠭᠳᠠᠨ ᠵᠣᠭᠰᠤᠭᠠᠬᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠪᠠᠷ ᠵᠠᠷᠯᠢᠭᠳᠠᠬᠤ ᠵᠡᠷᠭᠡ ᠰᠢᠭᠤᠳ ᠦᠶᠯᠡ ᠠᠵᠢᠯᠯᠠᠭ᠎ᠠ ᠶᠢᠨ ᠦᠷ᠎ᠡ ᠳ᠋ᠦᠩ ᠤᠨ ᠲᠥᠷᠥᠯ ᠤᠨ ᠬᠠᠷᠢᠭᠤᠴᠠᠯᠭ᠎ᠠ ᠵᠢᠴᠢ ᠵᠠᠰᠠᠭ ᠵᠠᠬᠢᠷᠭᠠᠨ ᠤ ᠰᠢᠳᠬᠡᠯ ᠥᠭᠬᠦ ᠵᠡᠷᠭᠡ ᠳᠣᠲᠣᠭᠠᠳᠤ ᠶᠢᠨ ᠵᠠᠯᠬᠠᠭᠠᠨ ᠴᠡᠭᠡᠷᠯᠡᠭᠦᠯᠬᠦ ᠲᠥᠷᠥᠯ ᠤᠨ ᠬᠠᠷᠢᠭᠤᠴᠠᠯᠭ᠎ᠠ᠂ ᠬᠠᠤᠯᠢ ᠠᠴᠠ ᠵᠥᠷᠢᠴᠡᠭᠰᠡᠨ ᠭᠤᠣᠯ ᠴᠣᠭᠴᠠ ᠶᠢᠨ ᠡᠷᠬᠡ ᠠᠰᠢᠭ ᠢ ᠬᠠᠰᠤᠬᠤ᠂ ᠬᠠᠤᠯᠢ ᠠᠴᠠ ᠵᠥᠷᠢᠴᠡᠭᠰᠡᠨ ᠭᠤᠣᠯ ᠴᠣᠭᠴᠠ ᠶᠢᠨ ᠥᠪᠡᠷ ᠤᠨ ᠥᠷᠲᠡᠭ ᠢ ᠨᠡᠮᠡᠭᠳᠡᠭᠦᠯᠬᠦ ᠲᠠᠯ᠎ᠠ ᠪᠠᠷ ᠨᠥᠯᠥᠭᠡᠯᠡᠬᠦ ᠬᠦᠴᠦᠨ ᠢᠶᠠᠷ ᠳᠤᠲᠠᠮᠠᠭ ᠪᠠᠶᠢᠵᠤ᠂ ᠰᠢᠨ᠎ᠡ ᠬᠥᠭᠵᠢᠯᠲᠡ ᠶᠢᠨ ᠪᠠᠶᠢᠳᠠᠯ ᠳᠣᠣᠷ᠎ᠠ ᠪᠡᠶ᠎ᠡ ᠶᠢᠨ ᠲᠠᠮᠢᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠦᠲᠦᠮᠵᠢᠲᠡᠶ ᠳᠦᠷᠢᠮᠵᠢᠭᠦᠯᠵᠦ᠂ ᠬᠠᠤᠯᠢ ᠲᠣᠭᠲᠠᠭᠠᠬᠤ ᠵᠣᠷᠢᠯᠭ᠎ᠠ ᠶᠢ ᠪᠡᠶᠡᠯᠡᠭᠦᠯᠬᠦ ᠳᠤ ᠪᠡᠷᠬᠡᠲᠡᠢ ᠪᠠᠶᠢᠳᠠᠭ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠬᠠᠤᠯᠢ ᠵᠥᠷᠢᠴᠡᠵᠦ ᠣᠯᠣᠭᠰᠠᠨ ᠣᠯᠵᠠ ᠠᠰᠢᠭ ᠢ ᠬᠤᠷᠢᠶᠠᠨ ᠠᠪᠬᠤ᠂ ᠵᠣᠭᠤᠰ ᠢᠶᠠᠷ ᠲᠣᠷᠭᠠᠬᠤ ᠵᠡᠷᠭᠡ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠬᠡᠯᠪᠡᠷᠢ ᠶᠢ ᠲᠣᠳᠣᠷᠬᠠᠢ ᠲᠣᠭᠲᠠᠭᠠᠭᠰᠠᠨ ᠠᠴᠠ ᠭᠠᠳᠠᠨ᠎ᠠ᠂ ᠪᠠᠰᠠ ᠢᠲᠡᠭᠡᠮᠵᠢ  ᠶᠢᠨ  ᠵᠠᠯᠬᠠᠭᠠᠯ  ᠵᠡᠷᠭᠡ  ᠲᠥᠷᠥᠯ ᠤᠨ  ᠬᠠᠷᠢᠭᠤᠴᠠᠯᠭ᠎ᠠ     ︵ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠤᠯᠴᠠᠬᠤ ᠶᠢ ᠬᠢᠵᠠᠭᠠᠷᠯᠠᠬᠤ᠂ ᠴᠠᠭᠠᠵᠠᠯᠠᠬᠤ ᠨᠡᠷᠡᠰ ᠲᠤ ᠣᠷᠣᠭᠤᠯᠤᠨ᠎ᠠ︶᠂ ᠭᠤᠣᠯ ᠴᠣᠭᠴᠠ ᠶᠢᠨ ᠬᠢᠷᠢ ᠬᠡᠮ ᠢ ᠬᠠᠰᠤᠵᠤ ᠬᠡᠯᠲᠦᠷᠢᠭᠦᠯᠬᠦ ᠲᠥᠷᠥᠯ ᠤᠨ ᠬᠠᠷᠢᠭᠤᠴᠠᠯᠭ᠎ᠠ ︵ᠳᠠᠩᠰᠠᠯᠠᠯᠲᠠ ᠶᠢ ᠬᠦᠴᠦᠨ ᠦᠭᠡᠢ ᠪᠣᠯᠭᠠᠬᠤ᠂ ᠵᠠᠷᠯᠢᠭᠳᠠᠨ ᠬᠠᠭᠠᠯᠭᠠᠬᠤ᠂ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠵᠣᠬᠢᠶᠠᠨ ᠪᠠᠶᠢᠭᠤᠯᠬᠤ ᠶᠢ ᠴᠠᠭᠠᠵᠠᠯᠠᠬᠤ᠂ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠠᠵᠢᠯ ᠪᠠ ᠲᠠᠮᠢᠷᠴᠢᠳ ᠤᠨ ᠲᠤᠰᠠᠯᠠᠬᠤ ᠠᠵᠢᠯ ᠢ ᠬᠢᠵᠦ ᠪᠣᠯᠬᠤ ᠦᠭᠡᠢ︶ ᠶᠢ ᠰᠢᠨ᠎ᠡ ᠪᠠᠷ ᠨᠡᠮᠡᠪᠡ᠃ ᠬᠠᠤᠯᠢ ᠶᠢᠨ ᠬᠠᠷᠢᠭᠤᠴᠠᠯᠭ᠎ᠠ ᠶᠢᠨ ᠰᠢᠨ᠎ᠡ ᠬᠡᠯᠪᠡᠷᠢ   ᠶᠢ ᠣᠷᠣᠭᠤᠯᠤᠭᠰᠠᠨ ᠨᠢ ᠤᠤᠯ ᠤᠨ ᠪᠡᠶ᠎ᠡ ᠶᠢᠨ ᠲᠠᠮᠢᠷ ᠤᠨ ᠬᠠᠤᠯᠢ ᠶᠢᠨ ᠬᠠᠷᠢᠭᠤᠴᠠᠯᠭ᠎ᠠ ᠶᠢᠨ ᠴᠢᠳᠠᠮᠵᠢ ᠶᠢ ᠭᠦᠢᠴᠡᠳ ᠨᠥᠬᠦᠪᠦᠷᠢᠯᠡᠵᠦ᠂ ᠪᠡᠶ᠎ᠡ ᠶᠢᠨ ᠲᠠᠮᠢᠷ ᠤᠨ ᠬᠠᠤᠯᠢ ᠶᠢᠨ ᠬᠠᠷᠢᠭᠤᠴᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠡᠶ᠎ᠡ ᠶᠢᠨ ᠲᠠᠮᠢᠷ ᠤᠨ ᠬᠠᠤᠯᠢ ᠶᠢᠨ ᠡᠷᠬᠡ ᠰᠦᠷᠲᠦ ᠴᠢᠨᠠᠷ ᠢ ᠳᠡᠭᠡᠭᠰᠢᠯᠡᠭᠦᠯᠵᠡᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号