ᠶᠢᠨ ᠮᠠᠨᠰᠠᠩ ᠬᠠᠷᠠᠮᠥ᠋ᠷᠡᠨ ᠳᠤ ᠬᠦᠷᠴᠦ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/7/8
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨᠰᠠᠩ ᠲᠢᠶᠠᠨᠵᠢᠨ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠾᠧᠪᠧᠢ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠲᠠᠢ ᠬᠠᠮᠲᠤ ᠬᠠᠷᠪᠢᠨ ᠬᠤᠲᠠ᠂ ᠶᠠᠪᠯᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ ᠬᠦᠷᠴᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠠᠵᠤ ᠠᠬᠤᠢ ᠪᠠ ᠵᠣᠨ ᠤ ᠤᠯᠠᠷᠢᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠬᠥᠭᠵᠢᠯᠲᠡ ᠶᠢᠨ ᠲᠤᠬᠠᠢ ᠰᠢᠨᠵᠢᠯᠡᠨ ᠪᠠᠶᠢᠴᠠᠭᠠᠵᠦ᠂ ᠬᠠᠷᠠᠮᠥ᠋ᠷᠡᠨ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠬᠠᠮᠲᠤᠪᠠᠷ ᠣᠷᠣᠨ ᠪᠦᠰᠡ ᠶᠢᠨ ᠬᠠᠮᠲᠤᠷᠠᠯᠴᠠᠭ᠎ᠠ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠦᠬᠦᠢ ᠠᠵᠢᠯ ᠢ ᠶᠠᠷᠢᠯᠴᠠᠪᠠ᠃     ᠭᠤᠷᠪᠠᠨ ᠮᠤᠵᠢ ᠣᠷᠣᠨ ᠬᠤᠳᠠ ᠶᠢᠨ ᠭᠤᠣᠯ ᠤᠳᠤᠷᠢᠳᠤᠯᠭ᠎ᠠ ᠤᠷᠢᠳ ᠬᠤᠵᠢᠳ ᠬᠠᠷᠠᠮᠥ᠋ᠷᠡᠨ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠡᠪᠦᠯ ᠤᠨ ᠤᠯᠠᠷᠢᠯ ᠤᠨ ᠲᠠᠮᠢᠷ ᠤᠨ ᠬᠦᠷᠢᠶᠡᠯᠡᠩ᠂ ᠮᠤᠵᠢ ᠶᠢᠨ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠪᠣᠯᠪᠠᠰᠤᠷᠠᠯ ᠤᠨ ᠶᠠᠰᠤ ᠴᠢᠨᠠᠷ ᠤᠨ ᠡᠵᠡᠮᠰᠢᠯ ᠤᠨ ᠲᠥᠪ ᠤᠨ ᠲᠤᠷᠰᠢᠯᠲᠠ ᠶᠢᠨ ᠲᠠᠰᠤᠭ ᠲᠤ ᠬᠦᠷᠴᠦ᠂ ᠶᠡᠷᠦᠩᠬᠡᠶᠢᠯᠡᠭᠰᠡᠨ ᠣᠷᠳᠣᠨ᠂ ᠲᠦᠷᠭᠡᠨ ᠲᠡᠰᠢᠯᠲᠡ ᠶᠢᠨ ᠣᠷᠳᠣᠨ᠂ ᠤᠷᠠᠨ ᠲᠠᠰᠢᠯᠳᠠ ᠶᠢᠨ ᠣᠷᠳᠣᠨ ᠵᠡᠷᠭᠡ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠤ ᠲᠥᠬᠦᠭᠡᠷᠦᠮᠵᠢ᠂ ᠡᠪᠦᠯ ᠤᠨ ᠤᠯᠠᠷᠢᠯ ᠤᠨ ᠲᠠᠮᠢᠷ ᠤᠨ ᠢᠳᠡᠭᠡᠨ ᠤᠮᠳᠠᠭᠠᠨ ᠤ ᠲᠥᠪ ᠪᠣᠯᠣᠨ ᠬᠠᠷᠠᠮᠥ᠋ᠷᠡᠨ ᠤ ᠪᠡᠶ᠎ᠡ ᠶᠢᠨ ᠲᠠᠮᠢᠷ ᠤᠨ ᠲᠡᠦᠬᠡ ᠶᠢᠨ ᠦᠵᠡᠰᠬᠦᠯᠡᠩ ᠤᠨ ᠣᠷᠳᠣᠨ ᠢ ᠲᠤᠭᠤᠷᠢᠨ ᠦᠵᠡᠵᠦ ᠂ ᠲᠥᠪ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠣᠯᠣᠨ ᠪᠡᠶ᠎ᠡ ᠶᠢᠨ ᠲᠠᠮᠢᠷ ᠤᠨ ᠡᠷᠡᠭᠦᠯᠵᠢᠯ ᠤᠨ ᠪᠣᠯᠪᠠᠰᠤᠷᠠᠯ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ  ᠠᠵᠢᠯ ᠤᠨ ᠪᠠᠶᠢᠳᠠᠯ ᠢ ᠤᠶᠢᠯᠠᠭᠠᠪᠠ᠃ ᠠᠪᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠬᠡᠭᠡᠷ᠎ᠡ ᠶᠢᠨ ᠴᠡᠨᠡᠯᠡᠯᠲᠡ᠂ ᠥᠨᠳᠥᠷ ᠠᠭᠤᠯᠠ ᠶᠢᠨ ᠴᠡᠨᠡᠯᠡᠯᠲᠡ᠂ ᠳᠠᠩ ᠴᠠᠨ᠎ᠠ ᠶᠢᠨ ᠴᠡᠨᠡᠯᠡᠯᠲᠡ ᠵᠡᠷᠭᠡ ᠪᠣᠯᠪᠠᠰᠤᠷᠠᠯ ᠤᠨ ᠤᠷᠤᠯᠳᠤᠭᠠᠨ ᠤ ᠲᠠᠯᠠᠪᠤᠷ ᠤᠨ ᠲᠥᠬᠦᠭᠡᠷᠦᠮᠵᠢ ᠶᠢ ᠰᠢᠨᠵᠢᠯᠡᠨ ᠪᠠᠶᠢᠴᠠᠭᠠᠪᠠ᠃ ᠬᠠᠷᠠᠮᠥ᠋ᠷᠡᠨ ᠮᠤᠵᠢ ᠶᠢᠨ ᠪᠡᠶ᠎ᠡ ᠶᠢᠨ ᠲᠠᠮᠢᠷ ᠤᠨ ᠲᠤᠪᠴᠢᠶᠡᠨ ᠤ ᠭᠤᠤᠯ ᠤᠳᠤᠷᠢᠳᠤᠯᠭ᠎ᠠ ᠪᠠᠷ᠎ᠠ ᠪᠤᠯᠵᠦ ᠰᠢᠨᠵᠢᠯᠡᠨ ᠪᠠᠶᠢᠴᠠᠭᠠᠪᠠ᠃
    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠡᠯ᠎ᠡ ᠮᠤᠵᠢ ᠣᠷᠣᠨ ᠬᠤᠲᠠ ᠶᠢᠨ ᠬᠢᠨ ᠮᠥᠰᠥ ᠴᠠᠰᠤᠨ ᠤ ᠲᠠᠯᠠᠪᠠᠶ ᠣᠷᠳᠣᠨ ᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠢ ᠬᠥᠮᠥᠵᠢᠭᠦᠯᠬᠦ᠂ ᠤᠷᠤᠯᠳᠤᠭᠠᠨ ᠤ ᠠᠵᠢᠯᠯᠠᠭ᠎ᠠ᠂ ᠠᠵᠤ ᠦᠢᠯᠡᠰ ᠵᠡᠷᠭᠡ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠬᠠᠮᠲᠤᠷᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠡᠭᠡᠵᠢᠩ ᠬᠤᠲᠠ᠂ ᠲᠢᠶᠠᠨᠵᠢᠨ ᠬᠤᠲᠠ᠂ ᠾᠧᠪᠧᠢ ᠮᠤᠵᠢ᠂ ᠬᠠᠷᠠᠮᠥ᠋ᠷᠡᠨ ᠮᠤᠵᠢ ᠲᠠᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤᠭᠳᠠᠬᠤ ᠪᠤᠯᠤᠨ᠎ᠡ᠃ ᠡᠬᠢ ᠪᠠᠶᠠᠯᠢᠭ ᠢ ᠬᠤᠷᠠᠮᠳᠤᠭᠤᠯᠤᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠪᠠᠷ ᠳᠠᠮᠵᠢᠭᠤᠯᠤᠨ᠂ ᠮᠥᠰᠥ ᠴᠠᠰᠤᠨ ᠤ ᠠᠵᠤ ᠠᠬᠤᠢ ᠪᠠ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ︽ᠷᠠᠳᠢᠦ᠋ᠰ︾ ᠢ ᠥᠷᠭᠡᠳᠬᠡᠵᠦ᠂ ᠥᠪᠥᠷ ᠮᠣᠩᠭᠤᠯ ᠬᠢᠭᠡᠳ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠬᠦᠴᠦ ᠨᠡᠮᠡᠷᠢᠯᠡᠬᠦ ᠪᠠᠷ ᠪᠤᠢ᠃     ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠶᠠᠩ ᠬᠤᠩ ᠵᠢᠶᠦ᠋ᠨ᠂ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号