ᠶᠠᠩ ᠵᠢᠶᠠ ᠢᠦᠢ᠄ ᠪᠠᠶᠢᠳᠠᠯ ᠢᠶᠠᠨ ᠲᠣᠬᠢᠷᠠᠭᠤᠯᠵᠤ ᠫᠠᠷᠢᠰ ᠤᠨ ᠤᠯᠢᠮᠫᠢᠺ ᠳᠤ ᠪᠡᠯᠡᠳᠬᠡᠨ᠎ᠡ
ᠨᠡᠶᠢᠲᠡᠯᠡᠭᠰᠡᠨ ᠴᠠᠭ᠄
2022/9/8
    ᠡᠮᠡᠭᠲᠡᠢ ᠶᠢᠨ 20 ᠺᠢᠯᠣᠮᠧᠲᠷ ᠤᠨ ᠠᠯᠬᠤᠬᠤ ᠤᠷᠤᠯᠳᠤᠭᠠᠨ ᠤ ᠳᠡᠯᠡᠬᠡᠢ ᠶᠢᠨ ᠲᠡᠮᠳᠡᠭᠯᠡᠯ ᠢ ᠬᠠᠮᠠᠭᠠᠯᠠᠭᠴᠢ᠂ ᠳᠡᠯᠡᠬᠡᠢ ᠶᠢᠨ ᠮᠠᠩᠯᠠᠢ ᠶᠠᠩ ᠵᠢᠶᠠ ᠢᠦᠢ 5 ᠤ ᠡᠳᠦᠷ ᠰᠣᠷᠪᠤᠯᠵᠢᠯᠠᠭ᠎ᠠ ᠬᠦᠯᠢᠶᠡᠬᠦ ᠳᠡᠭᠡᠨ᠂ ᠡᠨᠡ ᠵᠢᠯ ᠤᠨ ᠬᠠᠷᠠᠯᠲᠠ ᠪᠣᠯ ᠪᠠᠶᠢᠳᠠᠯ ᠢᠶᠠᠨ ᠲᠣᠬᠢᠷᠠᠭᠤᠯᠵᠤ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠪᠡᠯᠡᠳᠬᠡᠬᠦ ᠶᠠᠪᠤᠳᠠᠯ ᠪᠣᠯᠣᠨ᠎ᠠ ᠭᠡᠵᠡᠢ᠃     ᠨᠢᠳᠤᠨᠤᠨ ᠤ 3 ᠰᠠᠷ᠎ᠠ ᠳᠤ᠂ 25 ᠨᠠᠰᠤᠲᠠᠢ ᠶᠠᠩ ᠵᠢᠶᠠ ᠢᠦᠢ ᠪᠦᠬᠦ ᠤᠯᠤᠰ ᠤᠨ ᠠᠯᠬᠤᠭ᠎ᠠ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠭᠠᠷᠠᠭᠤᠯᠬᠤ ᠤᠷᠤᠯᠳᠤᠭᠠᠨ ᠳᠤ 1 ᠴᠠᠭ 23 ᠮᠢᠨᠦ᠋ᠲ 49 ᠰᠧᠺᠦ᠋ᠨ᠋ᠳ᠋ ᠤᠨ ᠬᠢᠷᠢ ᠪᠦᠲᠦᠮᠵᠢ ᠪᠠᠷ ᠡᠮᠡᠭᠲᠡᠢ ᠶᠢᠨ 20 ᠺᠢᠯᠣᠮᠧᠲᠷ ᠤᠨ ᠳᠡᠯᠡᠬᠡᠢ ᠶᠢᠨ ᠲᠡᠮᠳᠡᠭᠯᠡᠯ ᠢ ᠡᠭᠦᠳᠪᠡ᠃ ᠲᠤᠤᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠶᠠᠩ ᠵᠢᠶᠠ ᠢᠦᠢ ᠡᠮᠡᠭᠲᠡᠢ ᠶᠢᠨ 20 ᠺᠢᠯᠣᠮᠧᠲᠷ ᠤᠨ ᠠᠯᠬᠤᠬᠤ ᠤᠷᠤᠯᠳᠤᠭᠠᠨ ᠳᠤ ᠭᠤᠷᠪᠠᠨ ᠤᠯᠠᠭᠠᠨ ᠺᠠᠷᠲ ᠢᠶᠠᠷ ᠬᠤᠶᠠᠷ ᠮᠢᠨᠦ᠋ᠲ ᠲᠣᠷᠭᠠᠭᠳᠠᠵᠤ᠂ ᠮᠠᠩᠯᠠᠢ ᠶᠢ ᠪᠤᠯᠢᠶᠠᠯᠳᠤᠬᠤ ᠵᠠᠪᠰᠢᠶᠠᠨ ᠢᠶᠠᠨ ᠠᠯᠳᠠᠵᠤ᠂ ᠡᠴᠦᠰ ᠲᠡᠭᠡᠨ 12 ᠳ᠋ᠤᠭᠠᠷ ᠲᠤ ᠵᠢᠭᠰᠠᠭᠠᠭᠳᠠᠵᠠᠢ᠃ ᠰᠠᠷ᠎ᠠ ᠭᠠᠷᠤᠢ ᠶᠢᠨ ᠳᠠᠷᠠᠭ᠎ᠠ᠂ ᠲᠡᠷᠡ ᠱᠠᠨᠰᠢ ᠶᠢᠨ ᠪᠦᠬᠦ ᠤᠯᠤᠰ ᠤᠨ ᠲᠠᠮᠢᠷ ᠤᠨ ᠴᠤᠭᠯᠠᠭᠠᠨ ᠳᠡᠭᠡᠷ᠎ᠡ ᠮᠠᠩᠯᠠᠶᠢᠯᠠᠪᠠ᠃     5 ᠤ ᠡᠳᠦᠷ᠂ ᠶᠠᠩ ᠵᠢᠶᠠ ᠢᠦᠢ ᠪᠡᠭᠡᠵᠢᠩ ᠳᠤ ᠲᠧ ᠪᠦ᠋ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠲᠠᠰ ᠳᠡᠪᠰᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠬᠤ ᠠᠴᠠ ᠡᠮᠦᠨ᠎ᠡ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠵᠦ᠂ ︽ᠲᠤᠤᠺᠢᠤ᠋ ᠶᠢᠨ ᠤᠯᠢᠮᠫᠢᠺ ᠤᠨ ᠳᠠᠷᠠᠭ᠎ᠠ ᠠᠯᠤᠰ ᠬᠤᠯᠠ  ᠶᠢ ᠪᠣᠳᠣᠯᠬᠢᠯᠠᠨ᠂ ᠥᠪᠡᠷ ᠤᠨ ᠪᠡᠶ᠎ᠡ ᠶᠢᠨ ᠪᠠᠶᠢᠳᠠᠯ ᠢᠶᠠᠨ ᠲᠣᠬᠢᠷᠠᠭᠤᠯᠵᠤ᠂ ᠡᠨᠡ ᠵᠢᠯ ᠤᠨ ᠡᠪᠦᠯ ᠤᠨ ᠪᠣᠯᠪᠠᠰᠤᠷᠠᠯ  ᠠᠴᠠ ᠡᠬᠢᠯᠡᠨ ᠰᠤᠷᠭᠠᠭᠤᠯᠢᠯᠠᠯ ᠢᠶᠠᠨ ᠰᠡᠷᠭᠦᠭᠡᠵᠦ᠂ ᠫᠠᠷᠢᠰ ᠤᠨ ᠣᠯᠢᠮᠫᠢᠺ ᠤᠨ ᠴᠤᠭᠯᠠᠭᠠᠨ ᠳᠤ ᠪᠡᠯᠡᠳᠬᠡᠬᠦ ᠪᠠᠷ ᠲᠥᠯᠥᠪᠯᠡᠵᠦ ᠪᠠᠶᠢᠨ᠎ᠠ︾ ᠭᠡᠪᠡ᠃     ᠡᠨᠡ ᠵᠢᠯ ᠶᠠᠩ ᠵᠢᠶᠠ ᠢᠦᠢ ᠤᠷᠤᠯᠳᠤᠭᠠᠨ ᠳᠤ ᠤᠯᠠᠨ ᠣᠷᠣᠯᠴᠠᠭᠰᠠᠨ ᠦᠭᠡᠢ᠂ ᠤᠷᠧᠭᠠᠨ ᠤ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠴᠦ ᠣᠷᠣᠯᠴᠠᠭᠰᠠᠨ ᠦᠭᠡᠢ᠃ 3 ᠰᠠᠷ᠎ᠠ ᠳᠤ ᠤᠮᠠᠨ ᠳᠤ ᠶᠠᠪᠤᠭᠳᠠᠭᠰᠠᠨ ᠳᠡᠯᠡᠬᠡᠢ ᠶᠢᠨ ᠠᠯᠬᠤᠭ᠎ᠠ ᠤᠷᠤᠯᠳᠤᠭᠠᠨ ᠤ  ᠪᠠᠭ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠶᠠᠩ ᠵᠢᠶᠠ ᠢᠦᠢ ᠡᠮᠡᠭᠲᠡᠢ ᠶᠢᠨ 20 ᠺᠢᠯᠣᠮᠧᠲᠷ ᠤᠨ ᠮᠥᠩᠭᠦᠨ ᠮᠧᠳᠠᠯ ᠭᠠᠷᠳᠠᠪᠠ᠃ ︽ᠡᠨᠡ ᠵᠢᠯ ᠤᠨ ᠬᠠᠮᠤᠭ ᠤᠨ ᠭᠤᠣᠯ ᠬᠠᠷᠠᠯᠲᠠ ᠪᠣᠯ ᠳᠠᠷᠤᠢ ᠪᠡᠶ᠎ᠡ ᠢᠶᠠᠨ ᠲᠣᠬᠢᠷᠠᠭᠤᠯᠬᠤ ᠶᠠᠪᠤᠳᠠᠯ ᠪᠣᠯᠣᠨ᠎ᠠ᠂ ᠪᠣᠯᠪᠠᠰᠤᠷᠠᠯ ᠨᠢ ᠥᠩᠭᠡᠷᠡᠭᠰᠡᠨ ᠤ ᠬᠢ ᠰᠢᠭ ᠲᠡᠶᠢᠮᠦ ᠰᠢᠰᠲ᠋ᠧᠮ ᠲᠠᠢ ᠪᠢᠰᠢ ᠪᠠᠶᠢᠵᠤ ᠮᠡᠳᠡᠨ᠎ᠡ᠂ ᠪᠢ ᠪᠡᠶ᠎ᠡ ᠮᠠᠬᠠᠪᠤᠳ ᠪᠠ ᠰᠡᠳᠬᠢᠯ ᠰᠠᠨᠠᠭᠠᠨ ᠤ ᠲᠠᠯ᠎ᠠ ᠪᠠᠷ ᠠᠭᠤᠵᠢᠭᠤ ᠲᠠᠯᠪᠢᠭᠤ ᠪᠠᠶᠢᠵᠤ᠂ ᠬᠦᠴᠦᠨ ᠴᠢᠳᠠᠯ ᠢᠶᠠᠨ ᠰᠠᠶᠢᠲᠤᠷ ᠨᠥᠭᠡᠴᠡᠯᠡᠵᠦ᠂ ᠵᠠᠯᠭᠠᠭᠠᠳ ᠡᠪᠦᠯ ᠤᠨ ᠪᠣᠯᠪᠠᠰᠤᠷᠠᠯ ᠪᠠ ᠪᠡᠯᠡᠳᠬᠡᠯ ᠢ ᠰᠠᠶᠢᠲᠤᠷ ᠬᠢᠨ᠎ᠡ︾ ᠭᠡᠵᠦ ᠪᠠᠶᠢᠯ᠎ᠠ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号