ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠲᠤᠰᠬᠠᠶᠢᠯᠠᠨ ᠬᠦᠭᠡᠷᠦᠬᠦᠯᠬᠦ ᠡᠮ ᠢ | ᠡᠰᠡᠷᠭᠦᠴᠡᠬᠦ ᠳᠦᠷᠢᠮ ᠭᠠᠷᠭᠠᠭᠰᠠᠨ ᠨᠢ ᠮᠠᠨ ᠤ ᠤᠯᠤᠰ ᠬᠦᠭᠡᠷᠦᠬᠦᠯᠬᠦ ᠡᠮ ᠢ ᠲᠡᠰ ᠲᠠᠪᠴᠢᠬᠦ᠂ ᠲᠠᠰᠦ | ᠬᠤᠷᠢᠭᠯᠠᠬᠤ ᠨᠢᠭᠡ ᠵᠦᠢᠯ ᠤᠨ ᠬᠠᠤᠯᠢ ᠴᠠᠭᠠᠵᠠ ᠶᠢᠨ ᠳᠦᠷᠢᠮ ᠪᠣᠯᠭᠠᠨ ᠲᠥᠪ ᠴᠢᠩᠭ᠎ᠠ ᠪᠠᠷ ᠲᠣᠳᠣᠷᠬᠠᠶᠢᠯᠠᠵᠤ | ᠪᠠᠶᠢᠭ᠎ᠠ ᠶᠢ ᠬᠠᠷᠠᠭᠤᠯᠵᠤ ᠪᠠᠶᠢᠨ᠎ᠠ᠃ ᠨᠢᠭᠡᠨᠲᠡ ᠨᠡᠶᠢᠲᠡᠯᠡᠨ ᠬᠡᠷᠡᠭᠵᠢᠭᠦᠯᠦᠭᠰᠡᠨ ᠡᠷᠡᠭᠦᠦ ᠶᠢᠨ ᠬᠠᠤᠯᠢ ᠳᠤ ᠵᠠᠰᠠᠪᠤᠷᠢ | ᠣᠷᠣᠭᠤᠯᠤᠭᠰᠠᠨ ᠲᠥᠰᠥᠯ ︵ᠠᠷᠪᠠᠨ ᠨᠢᠭᠡ︶ ᠪᠣᠯᠣᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ᠂ | ᠬᠥᠭᠡᠷᠦᠭᠦᠯᠬᠦ ᠡᠮ ᠢ ᠡᠰᠡᠷᠭᠦᠴᠡᠬᠦ ᠳᠦᠷᠢᠮ ᠵᠢᠴᠢ ᠳᠦᠷᠢᠮ ᠲᠣᠭᠲᠠᠭᠠᠯ ᠲᠠᠢ ᠬᠠᠮᠲᠤ ᠪᠠᠷ ᠮᠠᠨ ᠤ ᠤᠯᠤᠰ ᠤᠨ | ᠬᠥᠭᠡᠷᠦᠭᠦᠯᠬᠦ ᠡᠮ ᠢ ᠡᠰᠡᠷᠭᠦᠴᠡᠬᠦ ᠬᠠᠤᠯᠢ ᠴᠠᠭᠠᠵᠠ ᠶᠢᠨ ᠳᠦᠷᠢᠮ ᠤᠨ ᠰᠢᠰᠲ᠋ᠧᠮ ᠢ ᠪᠦᠷᠢᠯᠳᠦᠭᠦᠯᠵᠦ᠂ ᠬᠠᠤᠯᠢ | ᠴᠠᠭᠠᠵᠠ ᠬᠢᠭᠡᠳ ᠳᠦᠷᠢᠮ ᠢ ᠨᠥᠬᠦᠪᠦᠷᠢᠯᠡᠨ ᠵᠣᠬᠢᠴᠠᠭᠤᠯᠬᠤ᠂ ᠤᠯᠤᠰ ᠤᠨ ᠳᠣᠲᠣᠭᠠᠳᠤ ᠶᠢᠨ ᠬᠠᠤᠯᠢ ᠬᠢᠭᠡᠳ ᠤᠯᠠᠨ | ᠤᠯᠤᠰ ᠤᠨ ᠬᠠᠤᠯᠢ᠂ ᠤᠯᠠᠨ ᠤᠯᠤᠰ ᠤᠨ ᠪᠡᠶ᠎ᠡ ᠶᠢᠨ ᠲᠠᠮᠢᠷ ᠤᠨ ᠳᠦᠷᠢᠮ ᠢ ᠬᠠᠷᠢᠯᠴᠠᠨ ᠵᠣᠯᠭᠠᠯᠳᠤᠭᠤᠯᠤᠭᠰᠠᠨ | ᠬᠠᠤᠯᠢ ᠴᠠᠭᠠᠵᠠ ᠶᠢᠨ ᠳᠦᠷᠢᠮ ᠤᠨ ᠰᠢᠰᠲ᠋ᠧᠮ ᠢ ᠪᠡᠶᠡᠯᠡᠭᠦᠯᠵᠦ᠂ ᠬᠥᠭᠡᠷᠦᠭᠦᠯᠬᠦ ᠡᠮ ᠢ ᠡᠰᠡᠷᠭᠦᠴᠡᠬᠦ ᠴᠢᠩᠭ᠎ᠠ ᠨᠠᠷᠢᠨ | ᠬᠠᠤᠯᠢ ᠶᠢᠨ ᠲᠣᠣᠷ ᠢ ᠰᠦᠯᠵᠢᠪᠡ᠃ | ᠬᠥᠭᠡᠷᠦᠭᠦᠯᠬᠦ ᠡᠮ ᠢ ᠡᠰᠡᠷᠭᠦᠴᠡᠨ ᠴᠢᠩᠭ᠎ᠠ ᠲᠠᠷᠤᠯᠳᠠ ᠦᠭᠬᠦ ᠶᠢ ᠪᠠᠲᠤᠯᠠᠬᠤ ᠪᠣᠯ ᠮᠠᠨ ᠤ ᠤᠯᠤᠰ ᠤᠨ | ᠬᠥᠭᠡᠷᠦᠭᠦᠯᠬᠦ ᠡᠮ ᠢ ᠡᠰᠡᠷᠭᠦᠴᠡᠬᠦ ᠲᠡᠮᠡᠴᠡᠯ ᠤᠨ ᠣᠨᠴᠠᠯᠢᠭ ᠮᠥᠨ᠂ ᠵᠠᠰᠠᠪᠤᠷᠢ ᠣᠷᠣᠭᠤᠯᠬᠤ ᠠᠴᠠ ᠡᠮᠦᠨᠡᠬᠢ | ᠪᠡᠶ᠎ᠡ ᠶᠢᠨ ᠲᠠᠮᠢᠷ ᠤᠨ ᠬᠠᠤᠯᠢ ᠶᠢᠨ ᠬᠤᠯᠪᠣᠭᠳᠠᠯ ᠪᠦᠬᠦᠢ ᠵᠦᠢᠯ ᠵᠤᠷᠪᠤᠰ ᠲᠤ ᠳᠠᠷᠤᠢ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠳᠤᠮᠳᠠ ᠴᠠᠭᠠᠵᠠᠲᠠᠢ ᠡᠮ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠢ᠃ | ᠣᠯᠠᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠤᠨ ᠬᠥᠭᠡᠷᠦᠭᠦᠯᠬᠦ ᠡᠮ ᠢ | ᠡᠰᠡᠷᠭᠦᠴᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ | ᠡᠳᠦᠷ ᠢᠷᠡᠬᠦᠶ᠎ᠡ ᠲᠡᠭᠦᠯᠳᠡᠷᠵᠢᠵᠦ᠂ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠠᠵᠢᠯᠯᠠᠭᠠᠨ ᠤ ᠲᠣᠭᠲᠠᠴᠠ | ᠲᠠᠰᠤᠷᠠᠯᠲᠠ ᠦᠭᠡᠢ ᠲᠡᠭᠦᠯᠳᠡᠷᠵᠢᠵᠦ᠂ ᠪᠠᠶᠢᠴᠠᠭᠠᠬᠤ᠂ ᠰᠢᠯᠭᠠᠬᠤ᠂ ᠲᠣᠷᠭᠠᠬᠤ᠂ ᠭᠡᠷᠡᠴᠢᠯᠡᠭᠡ ᠰᠣᠨᠣᠰᠬᠤ᠂ ᠰᠤᠷᠭᠠᠨ | ᠬᠥᠮᠥᠵᠢᠭᠦᠯᠬᠦ ᠵᠡᠷᠭᠡ ᠡᠯ᠎ᠡ ᠭᠤᠭᠴᠤᠭ᠎ᠠ᠂ ᠡᠯ᠎ᠡ ᠵᠦᠢᠯ ᠤᠨ ᠠᠷᠭ᠎ᠠ ᠬᠡᠮᠵᠢᠶ᠎ᠡ ᠲᠠᠰᠤᠷᠠᠯᠲᠠ ᠦᠭᠡᠢ ᠭᠦᠨᠵᠡᠭᠡᠶᠢᠷᠡᠵᠦ᠂ | ᠬᠥᠭᠡᠷᠦᠭᠦᠯᠬᠦ ᠡᠮ ᠢ ᠡᠰᠡᠷᠭᠦᠴᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ | ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠮᠡᠷᠭᠡᠵᠢᠯ ᠪᠠ ᠠᠷᠭ᠎ᠠ ᠪᠦᠷ ᠤᠯᠠᠨ ᠤᠯᠤᠰ ᠤᠨ | ᠪᠠᠷᠢᠮᠵᠢᠶ᠎ᠠ ᠳᠤ ᠬᠦᠷᠴᠦ᠂ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠬᠥᠭᠡᠷᠦᠭᠦᠯᠬᠦ ᠡᠮ ᠢ ᠡᠰᠡᠷᠭᠦᠴᠡᠬᠦ ᠠᠵᠢᠯ | ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠡᠭᠡᠳᠦ ᠬᠡᠮᠵᠢᠶᠡᠨ ᠤ ᠦᠨᠡᠯᠠᠯᠳᠠ ᠶᠢ ᠣᠯᠪᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢᠨ ᠬᠥᠭᠡᠷᠦᠭᠦᠯᠬᠦ ᠡᠮ ᠢ ᠡᠰᠡᠷᠭᠦᠴᠡᠬᠦ | ᠪᠦᠯᠦᠭ ᠲᠤ᠂ ᠲᠠᠪᠢᠨ ᠭᠤᠷᠪᠠᠳᠤᠭᠠᠷ ᠵᠦᠢᠯ ᠠᠴᠠ ᠵᠢᠷᠠᠳᠤᠭᠠᠷ ᠵᠦᠢᠯ ᠬᠦᠷᠲᠡᠯ᠎ᠡ ᠨᠠᠶᠢᠳᠠ 8 ᠵᠦᠢᠯ ᠪᠠᠶᠢᠵᠤ᠂ | ᠬᠥᠭᠡᠷᠦᠭᠦᠯᠬᠦ ᠡᠮ ᠢ ᠡᠰᠡᠷᠭᠦᠴᠡᠬᠦ ᠵᠠᠷᠴᠢᠮ᠂ ᠳᠦᠷᠢᠮ᠂ ᠵᠢᠷᠤᠮᠵᠢᠯ᠂ ᠭᠠᠷᠴᠠᠭ᠂ ᠪᠠᠶᠢᠭᠤᠯᠤᠮᠵᠢ᠂ ᠤᠬᠠᠭᠤᠯᠭ᠎ᠠ ᠬᠥᠮᠦᠵᠢᠯ᠂ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠤᠯᠠᠨ ᠤᠯᠤᠰ ᠤᠨ ᠬᠠᠮᠲᠤᠷᠠᠯᠴᠠᠭ᠎ᠠ ᠶᠢ ᠲᠤᠰ ᠲᠤᠰ | ᠲᠣᠭᠲᠠᠭᠠᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠡᠷᠦᠭᠦᠯᠬᠦ ᠡᠮ ᠢ ᠡᠰᠡᠷᠭᠦᠴᠡᠬᠦ ᠳᠦᠷᠢᠮ ᠤᠨ | ᠵᠠᠷᠴᠢᠮ ᠤᠨ ᠴᠢᠨᠠᠷᠲᠠᠢ ᠲᠣᠭᠲᠠᠭᠠᠯ ᠪᠠ ᠵᠣᠯᠭᠠᠯᠳᠤᠯ ᠪᠠᠶᠢᠬᠤ ᠮᠥᠷᠲᠡᠭᠡᠨ ᠪᠠᠰᠠ ᠪᠣᠳᠠᠲᠠᠢ ᠠᠵᠢᠯ ᠤᠨ ᠳᠤᠮᠳᠠ | ᠨᠢᠭᠡᠨᠲᠡ ᠪᠦᠲᠦᠮᠵᠢᠲᠡᠶ ᠬᠡᠷᠡᠭᠵᠢᠭᠦᠯᠦᠭᠰᠡᠨ ᠪᠣᠳᠠᠲᠠᠢ ᠳᠦᠷᠢᠮ ᠨᠢ ᠰᠢᠭᠤᠳ ᠬᠠᠤᠯᠢ ᠴᠠᠭᠠᠵᠠ ᠶᠢᠨ ᠳᠠᠪᠬᠤᠷᠭ᠎ᠠ ᠳᠤ | ᠭᠠᠷᠭᠠᠵᠦ᠂ ᠬᠠᠤᠯᠢ ᠲᠣᠭᠲᠠᠭᠠᠯᠲᠠ ᠶᠢᠨ ᠲᠠᠰ ᠳᠠᠪᠬᠤᠷᠭ᠎ᠠ ᠨᠢ ᠢᠯᠡᠳᠲᠡ ᠳᠡᠭᠡᠭᠰᠢᠯᠡᠭᠰᠡᠨ ᠪᠠᠶᠢᠨ᠎ᠠ᠃ ᠪᠡᠶ᠎ᠡ ᠶᠢᠨ | ᠲᠠᠮᠢᠷ ᠤᠨ ᠬᠥᠳᠡᠯᠭᠡᠭᠡᠨ ᠳᠤ ᠬᠥᠭᠡᠷᠦᠭᠦᠯᠬᠦ ᠡᠮ ᠬᠡᠷᠡᠭᠯᠡᠬᠦ ᠶᠢ ᠲᠣᠳᠣᠷᠬᠠᠢ ᠴᠠᠭᠠᠵᠠᠯᠠᠵᠤ᠂ ᠪᠡᠶ᠎ᠡ ᠶᠢᠨ ᠲᠠᠮᠢᠷ ᠤᠨ | ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠦᠨᠳᠦᠰᠦᠨ ᠡᠭᠦᠷᠭᠡ ᠶᠢ ᠬᠠᠤᠯᠢ ᠴᠠᠭᠠᠵᠠ ᠶᠢᠨ ᠲᠠᠯ᠎ᠠ ᠠᠴᠠ | ᠲᠣᠳᠣᠷᠬᠠᠶᠢᠯᠠᠵᠠᠢ︔ ᠤᠯᠤᠰ ᠤᠨ ᠦᠢᠯᠡᠳᠦᠯᠭᠡ ᠶᠢᠨ ᠳᠤᠮᠳᠠ ᠪᠠᠶᠢᠭᠤᠯᠤᠭᠰᠠᠨ ᠬᠥᠭᠡᠷᠦᠭᠦᠯᠬᠦ ᠡᠮ ᠢ ᠡᠰᠡᠷᠭᠦᠴᠡᠬᠦ | ᠦᠨᠳᠦᠰᠦᠨ ᠳᠦᠷᠢᠮ ᠵᠢᠴᠢ ᠬᠥᠭᠡᠷᠦᠭᠦᠯᠬᠦ ᠡᠮ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠬᠦ ᠬᠠᠮᠵᠢᠯᠴᠠᠭᠰᠠᠨ | ᠠᠵᠢᠯ ᠤᠨ ᠲᠣᠭᠲᠠᠴᠠ ᠶᠢ ᠲᠣᠭᠲᠠᠪᠤᠷᠢᠵᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠤᠯᠤᠰ ᠤᠨ ᠬᠠᠷᠢᠭᠤᠴᠠᠯᠭ᠎ᠠ | ᠪᠠ ᠣᠪᠣᠷ ᠢ ᠴᠢᠩᠭᠠᠳᠬᠠᠪᠠ︔ ᠤᠯᠤᠰ ᠤᠨ ᠬᠥᠭᠡᠷᠦᠭᠦᠯᠬᠦ ᠡᠮ ᠢ ᠡᠰᠡᠷᠭᠦᠴᠡᠬᠦ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢ ᠲᠣᠳᠣᠷᠬᠠᠶᠢᠯᠠᠵᠤ᠂ ᠬᠥᠭᠡᠷᠦᠭᠦᠯᠬᠦ ᠡᠮ ᠤᠨ ᠭᠠᠷᠴᠠᠭ ᠢ ᠲᠣᠭᠲᠠᠭᠠᠬᠤ ᠪᠠ ᠨᠡᠶᠢᠲᠡᠯᠡᠬᠦ ᠬᠡᠯᠪᠡᠷᠢ ᠪᠠᠷ | ᠬᠥᠭᠡᠷᠦᠭᠦᠯᠬᠦ ᠡᠮ ᠤᠨ ᠬᠦᠷᠢᠶ᠎ᠡ ᠬᠡᠪᠴᠢᠶ᠎ᠡ ᠶᠢ ᠬᠠᠤᠯᠢ ᠴᠠᠭᠠᠵᠠ ᠳᠤ ᠲᠣᠭᠲᠠᠭᠠᠵᠤ᠂ ᠬᠥᠭᠡᠷᠦᠭᠦᠯᠬᠦ ᠡᠮ ᠢ | ᠡᠰᠡᠷᠭᠦᠴᠡᠬᠦ ᠠᠵᠢᠯ ᠤᠨ ᠠᠭᠤᠯᠤᠭᠳᠠᠬᠤᠨ ᠪᠠ ᠠᠭᠤᠯᠬᠤᠨ ᠢ ᠨᠡᠩ ᠲᠣᠳᠣᠷᠬᠠᠢ ᠪᠣᠯᠭᠠᠵᠠᠢ︔ ᠬᠥᠭᠡᠷᠦᠭᠦᠯᠬᠦ ᠡᠮ ᠢ | ᠡᠰᠡᠷᠭᠦᠴᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠵᠣᠷᠢᠭᠵᠢᠭᠤᠯᠵᠤ᠂ ᠲᠡᠷᠢᠭᠦᠨ ᠤ ᠮᠡᠷᠭᠡᠵᠢᠯ᠂ | ᠲᠥᠬᠦᠭᠡᠷᠦᠮᠵᠢ ᠪᠠ ᠠᠷᠭ᠎ᠠ ᠶᠢ ᠳᠡᠯᠭᠡᠷᠡᠭᠦᠯᠦᠨ᠂ ᠬᠥᠭᠡᠷᠦᠭᠦᠯᠬᠦ ᠡᠮ ᠢ ᠡᠰᠡᠷᠭᠦᠴᠡᠬᠦ ᠬᠠᠤᠯᠢ ᠴᠠᠭᠠᠵᠠ ᠶᠢᠨ ᠳᠦᠷᠢᠮ ᠢ | ᠪᠣᠳᠠᠲᠠᠢ ᠬᠡᠷᠡᠭᠵᠢᠭᠦᠯᠬᠦ ᠳᠤ ᠰᠢᠨᠵᠢᠯᠡᠬᠦ ᠤᠬᠠᠭᠠᠨᠴᠢ ᠪᠠᠲᠤᠯᠠᠭ᠎ᠠ ᠲᠠᠢ ᠪᠣᠯᠭᠠᠵᠤ᠂ ᠪᠣᠯᠣᠮᠵᠢᠲᠤ ᠴᠢᠨᠠᠷ ᠢ | ᠲᠡᠭᠡᠭᠰᠢᠯᠡᠬᠦᠯᠪᠡ︔ ᠤᠯᠤᠰ ᠤᠨ ᠡᠭᠦᠷᠭᠡᠯᠡᠪᠡᠰᠦ ᠵᠣᠬᠢᠬᠤ ᠤᠯᠠᠨ ᠤᠯᠤᠰ ᠤᠨ ᠬᠠᠤᠯᠢ ᠶᠢᠨ ᠡᠭᠦᠷᠭᠡ ᠶᠢ ᠲᠣᠳᠣᠷᠬᠠᠢ | ᠪᠣᠯᠭᠠᠭᠰᠠᠨ ᠨᠢ ᠮᠠᠨ ᠤ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ ᠡᠭᠦᠷᠭᠡᠯᠡᠬᠦ ᠬᠠᠷᠢᠭᠤᠴᠠᠯᠭ᠎ᠠ | ᠪᠠ ᠭᠠᠳᠠᠭᠰᠢ ᠨᠡᠭᠡᠭᠡᠯᠲᠡ ᠬᠢᠬᠦ ᠦᠨᠳᠦᠰᠦᠨ ᠣᠪᠣᠷ ᠢ ᠬᠠᠷᠠᠭᠤᠯᠵᠤ᠂ ᠤᠯᠤᠰ ᠤᠨ ᠬᠠᠤᠯᠢ ᠴᠠᠭᠠᠵᠠ ᠠᠴᠠ ᠤᠯᠠᠨ | ᠤᠯᠤᠰ ᠤᠨ ᠬᠠᠤᠯᠢ ᠪᠠ ᠤᠯᠠᠨ ᠤᠯᠤᠰ ᠤᠨ ᠳᠦᠷᠢᠮ ᠢ ᠬᠦᠨᠳᠦᠳᠬᠡᠵᠦ ᠪᠠᠶᠢᠬᠤ ᠶᠢ ᠢᠯᠡᠷᠡᠭᠦᠯᠵᠦ᠂ ᠳᠡᠯᠡᠬᠡᠢ | ᠳᠡᠭᠡᠷ᠎ᠡ ᠬᠠᠤᠯᠢ ᠪᠠᠷ ᠵᠠᠰᠠᠬᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠭᠰᠠᠨ ᠪᠠᠶᠢᠨ᠎ᠠ᠃ | ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠬᠤ ᠳᠤ ᠮᠠᠨ ᠤ ᠤᠯᠤᠰ ᠤᠨ ᠪᠡᠶ᠎ᠡ ᠶᠢᠨ ᠲᠠᠮᠢᠷ ᠤᠨ | ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠲᠦᠪᠯᠡᠷᠡᠵᠦ᠂ | ᠰᠢ ᠶᠢᠨ ᠫᠢᠩ ᠶᠡᠷᠦᠩᠬᠡᠢ ᠱᠦᠵᠢ ᠶᠢᠨ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠤᠨ ᠲᠤᠬᠠᠢ ᠴᠢᠬᠤᠯᠠ ᠶᠠᠷᠢᠶ᠎ᠠ | ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠤᠰ ᠤᠨ ᠬᠠᠤᠯᠢ ᠴᠠᠭᠠᠵᠠ ᠳᠤ ᠰᠢᠭᠤᠳ | ᠠᠭᠤᠰᠤᠯᠴᠠᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠵᠠᠷᠴᠢᠮ ᠢ ᠢᠯᠡᠷᠡᠭᠦᠯᠵᠦ᠂ ᠪᠡᠶ᠎ᠡ ᠶᠢᠨ ᠲᠠᠮᠢᠷ ᠤᠨ | ᠬᠦᠴᠦᠷᠬᠡᠭ ᠤᠯᠤᠰ ᠪᠣᠯᠣᠨ ᠡᠷᠡᠭᠦᠯ ᠡᠩᠬᠡ ᠳᠤᠮᠳᠠᠳᠤ ᠤᠯᠤᠰ ᠢ ᠬᠦᠴᠦᠯᠡᠨ ᠪᠠᠶᠢᠭᠤᠯᠵᠤ᠂ ᠬᠠᠤᠯᠢ ᠶᠣᠰᠣᠭᠠᠷ | ᠪᠡᠶ᠎ᠡ ᠶᠢᠨ ᠲᠠᠮᠢᠷ ᠢᠶᠠᠨ ᠵᠠᠰᠠᠬᠤ ᠶᠢ ᠪᠡᠶᠡᠯᠡᠭᠦᠯᠬᠦ ᠶᠢᠨ ᠴᠢᠬᠤᠯᠠ ᠨᠢᠭᠡ ᠠᠯᠬᠤᠮ ᠪᠤᠯᠬᠤ ᠶᠤᠮ᠂ ᠪᠡᠶ᠎ᠡ ᠶᠢᠨ | ᠲᠠᠮᠢᠷ ᠤᠨ ᠬᠠᠤᠯᠢ ᠴᠠᠭᠠᠵᠠ ᠶᠢᠨ ᠳᠦᠷᠢᠮ ᠤᠨ ᠪᠠᠶᠢᠭᠤᠯᠤᠯᠲᠠ ᠪᠣᠯᠣᠨ ᠪᠡᠶ᠎ᠡ ᠶᠢᠨ ᠲᠠᠮᠢᠷ ᠤᠨ ᠦᠢᠯᠡᠰ ᠤᠨ | ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠶᠢ ᠪᠠᠲᠤᠯᠠᠬᠤ ᠢᠳᠡᠪᠬᠢᠲᠡᠢ ᠠᠷᠭ᠎ᠠ ᠬᠡᠮᠵᠢᠶ᠎ᠡ ᠪᠣᠯᠣᠨ᠎ᠠ᠃ | ᠪᠡᠶ᠎ᠡ ᠶᠢᠨ ᠲᠠᠮᠢᠷ ᠤᠨ ᠬᠠᠤᠯᠢ ᠶᠢᠨ ᠪᠣᠳᠠᠲᠠᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠲᠡᠭᠦᠨ ᠤ | ᠦᠨᠳᠦᠰᠦᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠷᠢᠨ ᠣᠨᠣᠪᠴᠢᠲᠠᠶ ᠲᠠᠶᠢᠯᠪᠤᠷᠢᠯᠠᠵᠤ᠂ ᠲᠡᠭᠦᠨ ᠢ | ᠮᠠᠨ ᠤ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠦᠢᠯᠡᠳᠦᠯᠭᠡ ᠪᠠᠨ ᠵᠢᠯᠤᠭᠤᠳᠬᠤ ᠳᠤ ᠬᠡᠷᠡᠭᠯᠡᠬᠦ ᠬᠡᠷᠡᠭᠲᠡᠢ᠃ | ᠪᠡᠶ᠎ᠡ ᠶᠢᠨ ᠲᠠᠮᠢᠷ ᠤᠨ ᠬᠠᠤᠯᠢ ᠶᠢ ᠬᠡᠷᠡᠭᠵᠢᠭᠦᠯᠬᠦ ᠨᠢ ᠮᠠᠨ ᠤ ᠤᠯᠤᠰ ᠤᠨ ᠬᠥᠭᠡᠷᠦᠭᠦᠯᠬᠦ ᠡᠮ ᠢ ᠡᠰᠡᠷᠭᠦᠴᠡᠬᠦ | ᠲᠡᠮᠡᠴᠡᠯ ᠳᠤ ᠨᠠᠩ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ ᠬᠥᠭᠡᠷᠦᠭᠦᠯᠬᠦ ᠡᠮ ᠢ ᠡᠰᠡᠷᠭᠦᠴᠡᠬᠦ | ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ | ᠬᠥᠭᠡᠷᠦᠭᠦᠯᠬᠦ ᠡᠮ ᠢ ᠡᠰᠡᠷᠭᠦᠴᠡᠬᠦ ᠳᠤᠮᠳᠠᠳᠤ ᠤᠯᠤᠰ ᠤᠨ ᠵᠠᠭᠪᠤᠷ ᠢ ᠣᠯᠠᠨ ᠤᠯᠤᠰ ᠤᠨ ᠪᠠᠷᠢᠮᠵᠢᠶ᠎ᠠ ᠲᠠᠢ ᠪᠦᠷᠢᠨ | ᠲᠡᠭᠦᠯᠳᠡᠷ ᠠᠭᠤᠰᠤᠯᠴᠠᠭᠤᠯᠬᠤ ᠶᠢ ᠪᠡᠶᠡᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃ | |