ᠮᠠᠨ ᠤ ᠣᠷᠣᠨ ᠤ ᠥᠨᠳᠥᠷ ᠠᠭᠤᠯᠠᠨ ᠤ ᠴᠠᠰᠤᠨ ᠳᠤ ᠭᠤᠯᠭᠤᠬᠤ᠂ ᠳ᠋ᠠᠩ ᠴᠠᠨ᠎ᠠ ᠪᠠᠷ ᠰᠠᠭᠠᠳ ᠳᠠᠪᠠᠭ᠋ᠤ ᠲᠥᠷᠥᠯ ᠵᠦᠢᠯ ᠰᠢᠨ᠎ᠡ ᠰᠢᠪᠲᠤᠯᠤᠯᠲᠠ ᠲᠠᠢ ᠪᠣᠯᠪᠠ
ᠨᠡᠶᠢᠲᠡᠯᠡᠭᠰᠡᠨ ᠴᠠᠭ᠄
2023/1/3
    2022 ᠣᠨ ᠤ 12 ᠰᠠᠷ᠎ᠠ ᠶᠢᠨ 27 ᠤ ᠡᠳᠦᠷ ᠠᠴᠠ 2023 ᠣᠨ ᠤ 1 ᠰᠠᠷ᠎ᠠ ᠶᠢᠨ 2 ᠤᠨ ᠡᠳᠦᠷ ᠪᠣᠯᠲᠠᠯ᠎ᠠ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠥᠬᠦ ᠤᠯᠤᠰ ᠤᠨ ᠴᠢᠯᠦᠭᠡᠲᠦ ᠮᠠᠶ᠋ᠢᠭ ᠤᠨ ᠪᠠ ᠳ᠋ᠠᠩ ᠴᠠᠨ᠎ᠠ ᠪᠠᠷ ᠰᠠᠭᠠᠳ ᠲᠠᠪᠠᠭ᠋ᠤ ᠮᠠᠩᠯᠠᠢ ᠰᠢᠯᠭᠠᠷᠠᠭᠤᠯᠬᠤ ᠤᠷᠤᠯᠳᠤᠭᠠᠨ ᠲᠣᠰ ᠲᠣᠰ ᠲᠦᠩ ᠬᠤᠸᠠ ᠬᠤᠲᠠ ᠪᠠ ᠴᠢᠭᠤᠯᠤᠯᠲᠤ ᠬᠠᠭᠠᠯᠭ᠎ᠠ ᠬᠤᠲᠠ ᠳᠤ ᠶᠠᠪᠤᠭᠳᠠᠵᠤ᠂ ᠮᠠᠨ ᠤ ᠣᠷᠣᠨ 8  ᠲᠠᠮᠢᠷᠴᠢᠨ ᠲᠣᠮᠢᠯᠠᠨ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠤᠯᠪᠠ᠃
    ᠰᠢᠷᠦᠭᠦᠨ ᠦᠷᠢᠰᠦᠯᠳᠦᠭᠡᠨ ᠢᠶᠠᠷ ᠲᠠᠮᠵᠢᠨ᠂ ᠲᠠᠮᠢᠷᠴᠢᠨ ᠸᠠᠩ ᠴᠤᠤ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠤᠷᠤᠯᠳᠤᠭᠠᠨ ᠤ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ ᠡᠷᠭᠢᠯᠲᠡ ᠶᠢᠨ ᠤᠷᠤᠯᠳᠤᠭᠠᠨ ᠤ ᠮᠠᠩᠯᠠᠢ ᠳᠤ ᠰᠢᠯᠭᠠᠷᠠᠵᠤ᠂ ᠲᠠᠮᠢᠷᠴᠢᠨ ᠵᠠᠩ ᠯᠢ ᠬᠤᠢ ᠳᠥᠷᠪᠡᠳᠦᠭᠡᠷ ᠲᠤ ᠣᠷᠣᠵᠠᠢ︔ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ ᠶᠡᠭᠡ ᠡᠷᠭᠢᠯᠲᠡ ᠶᠢᠨ ᠤᠷᠤᠯᠳᠤᠭᠠᠨ ᠳᠤ ᠲᠠᠮᠢᠷᠴᠢᠨ ᠸᠠᠩ ᠴᠤᠤ ᠳᠡᠳ᠋ᠯᠡᠵᠦ᠂ ᠲᠠᠮᠢᠷᠴᠢᠨ ᠵᠠᠩ ᠶᠤᠸᠠᠢ᠂ ᠵᠠᠩ ᠯᠢ ᠬᠤᠢ ᠳᠥᠷᠪᠡᠳᠦᠭᠡᠷ ᠲᠠᠪᠤᠳᠤᠭᠠᠷ ᠲᠤ ᠣᠷᠣᠵᠠᠢ᠃ ᠳ᠋ᠠᠩ ᠴᠠᠨ᠎ᠠ ᠪᠠᠷ ᠰᠠᠭᠠᠳ ᠳᠠᠪᠠᠭ᠋ᠤ ᠤᠷᠤᠯᠳᠤᠭᠠᠨ ᠳᠤ ᠲᠠᠮᠢᠷᠴᠢᠨ ᠶᠤᠸᠠᠢ ᠲᠤᠤ ᠶᠤᠸᠠᠨ᠂ ᠯᠢ ᠺᠧ ᠰᠢᠨ ᠬᠦᠢᠰᠦ ᠢᠯᠭᠠᠬᠤ ᠦᠭᠡᠢ ᠪᠠᠭ ᠤᠨ ᠤᠷᠤᠯᠳᠤᠭᠠᠨ ᠳᠤ ᠲᠡᠳ᠋ᠯᠡᠪᠡ᠃
    ᠲᠤᠰ ᠬᠤᠶᠠᠷ ᠵᠦᠢᠯ ᠤᠨ ᠤᠷᠤᠯᠳᠤᠭᠠᠨ ᠤ ᠪᠠᠭ ᠪᠠᠶᠢᠭᠤᠯᠤᠭᠳᠠᠭᠰᠠᠨ ᠴᠠᠭ ᠨᠢ ᠨᠡᠯᠢᠶᠡᠳ ᠣᠷᠣᠢ ᠪᠠᠶᠢᠵᠤ᠂ ᠲᠠᠮᠢᠷᠴᠢᠳ ᠤᠨ ᠪᠡᠯᠡᠳᠬᠡᠯ  ᠰᠠᠭᠤᠷᠢ ᠠᠨᠠᠢ᠂ ᠬᠡᠳᠦᠨ ᠵᠢᠯ ᠤᠨ ᠲᠦᠷᠭᠡᠨ ᠬᠥᠭᠵᠢᠯᠲᠡ ᠪᠠᠷ ᠳᠡᠮᠵᠢᠨ᠂ ᠡᠨᠡ ᠤᠳᠠᠭ᠎ᠠ ᠰᠢᠪᠳᠤᠯᠤᠯᠳᠠ ᠶᠢᠨ ᠴᠢᠨᠠᠷᠳᠠᠢ ᠠᠮᠵᠢᠯᠳᠠ ᠲᠠᠢ ᠪᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠰᠢᠯᠢᠳᠡᠭ ᠬᠢᠷᠢ ᠪᠦᠲᠦᠮᠵᠢ ᠣᠯᠬᠤ ᠪᠠᠷ ᠴᠢᠷᠮᠠᠶᠢᠵᠤ᠂ ᠤᠯᠤᠰ ᠲᠤ ᠨᠡᠩ ᠤᠯᠠᠨ ᠰᠢᠯᠢᠳᠡᠭ ᠪᠡᠯᠡᠳᠬᠡᠯ ᠴᠢᠳᠠᠪᠤᠷᠢᠲᠠᠨ ᠢ ᠦᠷᠭᠦᠯᠵᠢᠯᠡᠨ ᠬᠦᠷᠭᠡᠬᠦ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号