| 2023 ᠣᠨ ᠤ 1 ᠰᠠᠷ᠎ᠠ ᠶᠢᠨ 1 ᠤ ᠡᠳᠦᠷ᠂ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ︾ ᠥᠪᠥᠷ ᠮᠣᠩᠭᠤᠯ ᠤᠨ ᠰᠢᠨ᠎ᠡ ᠤᠨ ᠳᠤ ᠠᠯᠬᠤᠵᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ | ᠬᠥᠬᠡᠬᠤᠲᠠ ᠶᠢᠨ ᠬᠥᠳᠡᠯᠮᠦᠷᠢ ᠴᠡᠴᠡᠷᠯᠢᠭ ᠲᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ ᠠᠴᠠ | ᠭᠤᠣᠯᠯᠠᠨ ᠡᠷᠭᠢᠯᠡᠵᠦ᠂ 200 ᠭᠠᠷᠤᠢ ᠪᠡᠶ᠎ᠡ ᠴᠢᠭᠢᠷᠠᠭᠵᠢᠭᠤᠯᠬᠤ ᠳᠤᠷᠠᠲᠠᠢ ᠬᠦᠮᠦᠰ ᠤᠷᠤᠯᠴᠠᠪᠠ᠃ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠳᠡᠳ᠋ ᠲᠣᠪᠴᠢᠶᠠᠨ ᠳᠠᠷᠤᠭ᠎ᠠ ᠵᠠᠩ ᡁᠢ ᠠᠵᠢᠯᠯᠠᠭ᠎ᠠ ᠳᠤ ᠣᠷᠣᠯᠴᠠᠭᠰᠠᠨ ᠪᠥᠭᠡᠳ ᠠᠵᠢᠯᠯᠠᠭ᠎ᠠ | ᠡᠬᠢᠯᠡᠭᠰᠡᠨ ᠢ ᠵᠠᠷᠯᠠᠪᠠ᠃ | | ᠰᠢᠨ᠎ᠡ ᠤᠨ ᠳᠤ ᠠᠭᠤᠯᠠᠨ ᠳᠤ ᠠᠪᠠᠷᠢᠬᠤ ᠠᠵᠢᠯᠯᠠᠭ᠎ᠠ ᠪᠣᠯ ᠤᠨ ᠪᠦᠷᠢ ᠶᠢᠨ ᠡᠬᠢᠨ ᠳᠤ ᠶᠠᠪᠤᠭᠳᠠᠳᠠᠭ ᠪᠦᠬᠦ | ᠤᠯᠤᠰ ᠤᠨ ᠴᠢᠨᠠᠷᠲᠠᠢ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠪᠣᠯᠣᠨ᠎ᠠ᠃ ᠡᠨᠡ | ᠵᠢᠯ ᠴᠠᠭ ᠠᠭᠤᠷ᠂ ᠬᠢᠵᠢᠭ ᠤᠨ ᠪᠠᠶᠢᠳᠠᠯ ᠵᠡᠷᠭᠡ ᠰᠢᠯᠲᠠᠭᠠᠨ ᠠᠴᠠ ᠪᠣᠯᠵᠤ ᠠᠭᠤᠯᠠᠨ ᠳᠤ ᠠᠪᠠᠷᠢᠬᠤ ᠶᠢ | ᠴᠡᠴᠡᠷᠯᠢᠭ ᠲᠤ ᠠᠯᠬᠤᠬᠤ ᠪᠤᠯᠭᠠᠨ ᠦᠭᠡᠷᠡᠴᠢᠯᠡᠪᠡ᠃ ᠠᠵᠢᠯᠯᠠᠭ᠎ᠠ ᠨᠢ ᠣᠯᠠᠨ ᠲᠦᠮᠡᠨ ᠳᠤ ᠴᠡᠴᠡᠷᠯᠢᠭ ᠲᠤ | ᠠᠯᠬᠤᠵᠦ ᠪᠡᠶ᠎ᠡ ᠴᠢᠭᠢᠷᠠᠭᠵᠢᠭᠤᠯᠬᠤ ᠶᠢᠨ ᠳᠥᠭᠦᠮ ᠳᠥᠲᠡ ᠶᠢ ᠭᠦᠨᠵᠡᠭᠡᠢ ᠣᠶᠢᠯᠠᠭᠠᠭᠤᠯᠤᠭᠰᠠᠨ ᠢᠶᠠᠷ ᠪᠠᠷᠠᠬᠤ | ᠦᠭᠡᠢ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠶᠢᠨ | ᠠᠰᠠᠭᠤᠯᠲᠠ ᠬᠠᠷᠢᠭᠤᠯᠲᠠ ᠵᠡᠷᠭᠡ ᠤᠯᠠᠨ ᠠᠭᠤᠯᠭ᠎ᠠ ᠲᠣᠬᠢᠷᠠᠭᠤᠯᠵᠤ᠂ ᠤᠯᠠᠨ ᠲᠦᠮᠡᠨ ᠢ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠳᠤ ᠤᠷᠤᠯᠴᠠᠭᠤᠯᠬᠤ ᠶᠢᠨ ᠬᠠᠮᠲᠤ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠢ | ᠮᠡᠳᠡᠷᠡᠭᠦᠯᠪᠡ᠃ | | ᠠᠯᠬᠤᠬᠤ ᠵᠠᠮ ᠢ ᠬᠥᠬᠡᠬᠤᠲᠠ ᠶᠢᠨ ᠪᠠᠭ᠎ᠠ ᠬᠡᠦᠬᠡᠨ ᠭᠤᠣᠯ ᠤᠨ ᠳᠠᠭᠠᠤ ᠪᠠᠶᠢᠷᠢᠯᠠᠭᠤᠯᠵᠤ᠂ ᠪᠥᠬᠦ ᠣᠷᠳᠣ ᠨᠢ | ᠲᠠᠪᠤᠨ ᠺᠢᠯᠣᠮᠧᠲᠷ ᠪᠣᠯᠣᠨ᠎ᠠ᠃ ᠤᠷᠤᠯᠴᠠᠭᠰᠤᠨ ᠲᠤ ᠪᠠᠶᠠᠷ ᠪᠠᠶᠠᠰᠤᠯ ᠢ ᠪᠡᠯᠭᠡᠳᠡᠭᠰᠡᠨ ᠤᠯᠠᠭᠠᠨ ᠮᠠᠯᠠᠭᠠᠢ᠂ | ᠤᠯᠠᠭᠠᠨ ᠪᠡᠭᠡᠯᠡᠢ ᠵᠡᠷᠭᠡ ᠳᠤᠷᠠᠰᠬᠠᠯ ᠤᠨ ᠡᠳ᠋ ᠪᠡᠯᠡᠭᠯᠡᠭᠰᠡᠨ ᠢᠶᠠᠷ ᠪᠠᠷᠠᠬᠤ ᠦᠭᠡᠢ᠂ ᠬᠦᠮᠦᠰ ᠪᠠᠰᠠ ︽ᠳᠤᠮᠳᠠᠳᠤ | ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠴᠠᠭᠠᠨ ᠰᠠᠷ᠎ᠠ︾ ᠭᠡᠬᠦ ᠬᠦᠰᠢᠭᠡ ᠶᠢᠨ ᠡᠮᠦᠨ᠎ᠡ | ᠲᠤᠷᠠᠰᠬᠠᠯ ᠵᠢᠷᠤᠭ ᠲᠠᠳᠠᠵᠦ᠂ ᠰᠢᠨ᠎ᠡ ᠵᠢᠯ ᠤᠨ ᠢᠷᠦᠭᠡᠯ ᠲᠡᠪᠰᠢᠭᠦᠯᠪᠡ᠃ | | ᠣᠯᠠᠨ ᠲᠦᠮᠡᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠷᠭᠡᠨ ᠣᠯᠠᠨ | ᠲᠦᠮᠡᠨ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠵᠤ᠂ ᠥᠭᠡᠳᠡᠷᠬᠡᠭ ᠪᠥᠭᠡᠳ ᠰᠠᠶᠢᠨ | ᠰᠠᠶᠢᠬᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠵᠤ᠂ ᠡᠷᠡᠭᠦᠯ ᠡᠩᠬᠡ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ ᠲᠣᠰ ᠤᠳᠠᠭᠠᠨ ᠤ | ᠠᠯᠬᠤᠬᠤ ᠠᠵᠢᠯᠯᠠᠭ᠎ᠠ ᠶᠢ ᠡᠷᠬᠢᠯᠡᠭᠰᠡᠨ ᠶᠤᠮ᠃ | | | |