ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠭᠤᠣᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠬᠦ ᠰᠢᠢᠳᠪᠦᠷᠢ ᠶᠢ ᠵᠠᠷᠯᠠᠪᠠ
ᠨᠡᠶᠢᠲᠡᠯᠡᠭᠰᠡᠨ ᠴᠠᠭ᠄
2023/1/31
    1 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠦᠨ ᠶᠠᠨ ᠵᠢᠶᠦ᠋ᠨ ᠬᠤᠷᠠᠯ ᠡᠷᠭᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠭᠤᠷᠪᠠᠳᠤᠭᠠᠷ ᠭᠠᠵᠠᠷ ᠤᠨ ᠳᠠᠷᠤᠭ᠎ᠠ ᠸᠠᠩ ᠪᠦᠦ ᠵᠦ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠤᠩᠰᠢᠨ ᠨᠡᠶᠢᠲᠡᠯᠡᠪᠡ᠄ ᠸᠠᠩ ᠵᠧᠩ ᠢᠦᠢ ᠨᠥᠬᠦᠷ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠳᠤ ᠲᠣᠮᠢᠯᠠᠵᠤ᠂ ᠳ᠋ᠦ᠋ ᠪᠥᠸᠧ ᠵᠢᠶᠦ᠋ᠨ ᠨᠥᠬᠦᠷ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠪᠴᠢᠶᠠᠨ ᠲᠠᠷᠤᠭ᠎ᠠ ᠶᠢᠨ ᠲᠤᠰᠢᠶᠠᠯ ᠢ ᠡᠭᠦᠷᠭᠡᠯᠡᠬᠦᠯᠬᠦ ᠪᠠᠷ ᠨᠡᠷ᠎ᠡ ᠲᠤᠷᠠᠳᠪᠠ᠃ ᠶᠢᠨ ᠮᠠᠨᠰᠠᠩ ᠨᠥᠬᠦᠷ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠡᠭᠦᠷᠭᠡᠯᠡᠬᠦ ᠪᠠᠨ ᠪᠣᠯᠢᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠪᠴᠢᠶᠠᠨ ᠲᠠᠷᠤᠭ᠎ᠠ ᠶᠢᠨ ᠲᠤᠰᠢᠶᠠᠯ ᠠᠴᠠ ᠪᠠᠭᠤᠯᠭᠠᠬᠤ ᠪᠠᠷ ᠨᠡᠷ᠎ᠡ ᠲᠤᠷᠠᠳᠪᠠ᠃ ᠸᠠᠩ ᠵᠧᠩ ᠢᠦᠢ ᠨᠥᠬᠦᠷ᠂ ᠳ᠋ᠦ᠋ ᠪᠥᠸᠧ ᠵᠢᠶᠦ᠋ᠨ ᠨᠥᠬᠦᠷ ᠲᠤᠰ ᠲᠤᠰ ᠣᠪᠣᠷ ᠢᠶᠠᠨ ᠢᠯᠡᠳᠬᠡᠬᠦ ᠦᠭᠡ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号