ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/31
    1 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠪᠴᠢᠶᠠᠨ ᠳᠠᠷᠤᠭ᠎ᠠ ᠳ᠋ᠦ᠋ ᠪᠥᠸᠧ ᠵᠢᠶᠦ᠋ᠨ ᠬᠤᠷᠠᠯ ᠳᠤ ᠰᠤᠯᠠ ᠣᠷᠣᠯᠴᠠᠪᠠ᠃
    ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠶᠡᠷᠦᠩᠬᠡᠢ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠵᠢᠯᠯᠠᠭᠠᠨ ᠤ ᠬᠡᠯᠪᠡᠷᠢ ᠶᠢ ᠪᠠᠶᠠᠯᠢᠭᠵᠢᠭᠤᠯᠵᠤ᠂ ᠨᠡᠩ ᠥᠨᠳᠥᠷ ᠲᠦᠪᠰᠢᠨ ᠪᠦᠬᠦᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠥᠭᠵᠢᠯᠲᠡ ᠶᠢᠨ ᠲᠣᠭᠲᠠᠴᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠵᠦ᠂ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ︽ᠲᠠᠪᠤᠨ ᠶᠡᠭᠡ ᠡᠭᠦᠷᠭᠡ︾ ᠶᠢ ᠲᠦᠯᠬᠢᠨ ᠠᠬᠢᠭᠤᠯᠬᠤ ᠳᠤ ᠪᠡᠶ᠎ᠡ ᠶᠢᠨ ᠲᠠᠮᠢᠷ ᠤᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠭᠤᠣᠯᠳᠠᠯᠭ᠎ᠠ ᠲᠠᠢ ᠶᠠᠷᠢᠶ᠎ᠠ ᠲᠠᠯᠪᠢᠵᠤ᠂ ᠬᠡᠰᠡᠭ ᠭᠠᠵᠠᠷ ᠭᠡᠷ ᠪᠣᠯᠣᠨ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠤᠨ ᠳᠡᠳ᠋ ᠭᠠᠵᠠᠷ ᠤᠨ ᠲᠠᠰ ᠵᠢᠴᠢ ᠳᠡᠭᠡᠳᠦ ᠱᠠᠲᠤᠨ ᠤ ᠤᠳᠤᠷᠢᠳᠬᠤ ᠺᠠᠳ᠋ᠷ᠂ ᠡᠯ᠎ᠡ ᠰᠢᠭᠤᠳ ᠬᠠᠷᠢᠶ᠎ᠠ ᠨᠢᠭᠡᠴᠡ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号